ᠣᠶᠢᠷ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠤᠯᠠᠮ ᠨᠢᠭᠡ ᠠᠯᠬᠤᠮ ᠰᠠᠶᠢᠲᠤᠷ ᠬᠢᠵᠦ᠂ | ᠴᠢᠩ ᠤᠯᠤᠰ ᠤᠨ ᠦᠶ᠎ᠡ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠡᠤᠬᠡ᠂ ᠭᠠᠵᠠᠷ ᠵᠦᠢ᠂ | ᠰᠣᠶᠣᠯ ᠤᠨ ᠬᠥᠭᠵᠢᠯᠲᠡ ᠶᠢᠨ ᠪᠠᠶᠢᠳᠠᠯ ᠢ ᠲᠣᠳᠣᠷᠬᠠᠶᠢᠯᠠᠨ᠂ ᠴᠢᠩ ᠤᠯᠤᠰ ᠤᠨ ᠦᠶ᠎ᠡ ᠶᠢᠨ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠵᠠᠭᠠᠭ ᠱᠤᠭᠤᠮ ᠤᠨ ᠣᠷᠣᠨ ᠪᠠᠶᠢᠷᠢ ᠶᠢ ᠡᠮᠬᠢᠯᠡᠬᠦ ᠶᠢᠨ ᠲᠥᠯᠥᠭᠡ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠰᠡᠩᠭᠡᠷᠢᠨᠴᠢᠨ ᠸᠠᠩ ᠤᠨ ᠣᠷᠳᠣᠨ ᠤ ᠮᠦᠽᠧᠶ ᠣᠷᠣᠨ ᠨᠤᠲᠤᠭ ᠤᠨ | ᠲᠡᠤᠬᠡ ᠰᠣᠶᠣᠯ ᠤᠨ ᠡᠷᠳᠡᠮᠲᠡᠨ ᠢ ᠵᠣᠬᠢᠶᠠᠨ ᠪᠠᠶᠢᠭᠤᠯᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠣᠶᠢᠯᠠᠯᠭ᠎ᠠ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠲᠡᠤᠬᠡ ᠶᠢᠨ ᠮᠠᠲ᠋ᠧᠷᠢᠶᠠᠯ︾ ᠵᠡᠷᠭᠡ | ᠮᠠᠲ᠋ᠧᠷᠢᠶᠠᠯ ᠤᠨ ᠲᠡᠮᠳᠡᠭᠯᠡᠯ ᠢ ᠦᠨᠳᠦᠰᠦᠯᠡᠨ᠂ ᠴᠢᠩ ᠤᠯᠤᠰ ᠤᠨ ᠦᠶ᠎ᠡ ᠶᠢᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠢᠯᠢ ᠶᠢᠨ ᠱᠤᠭᠤᠮ ᠳᠤ ᠪᠠᠶᠢᠴᠠᠭᠠᠨ ᠰᠤᠳᠤᠯᠤᠯᠲᠠ ᠬᠢᠪᠠ᠃ | | ︵ᠵᠢᠷᠤᠭ ᠪᠣᠯ ᠪᠠᠶᠢᠴᠠᠭᠠᠨ ᠰᠤᠳᠤᠯᠬᠤ ᠳᠤᠭᠤᠶᠢᠯᠠᠩ ᠺᠠᠩ ᠫᠢᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ | ᠰᠣᠶᠣᠯ ᠲᠡᠤᠬᠡ ᠶᠢᠨ ᠵᠥᠪᠯᠡᠯ ᠤᠨ ᠡᠷᠬᠢᠯᠡᠭᠴᠢ ᠰᠦᠨ ᠬᠤᠶ ᠵᠢᠦ ᠶᠢᠨ ᠪᠠᠷ᠎ᠠ ᠪᠣᠯᠣᠯᠭ᠎ᠠ ᠪᠠᠷ ᠪᠠᠶᠢᠴᠠᠭᠠᠨ ᠰᠤᠳᠤᠯᠵᠤ | ᠮᠠᠲ᠋ᠧᠷᠢᠶᠠᠯ ᠡᠮᠬᠢᠳᠭᠡᠵᠦ ᠪᠠᠶᠢᠨ᠎ᠠ︶ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 3 ᠬᠥᠮᠦᠨ᠂ 3000 ᠭᠠᠷᠤᠶ ᠺᠢᠯᠣᠮᠧᠳ᠋ᠷ ᠠᠶᠠᠯᠠᠵᠤ᠂ | ᠤᠷᠢᠳ ᠬᠤᠵᠢᠳ 7 ᠤᠳᠠᠭ᠎ᠠ ᠴᠢᠩ ᠤᠯᠤᠰ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠶᠢᠨ | ᠱᠤᠭᠤᠮ ᠤᠨ 80 ᠭᠠᠷᠤᠶ ᠭᠠᠴᠠᠭ᠎ᠠ ︵ᠲᠣᠰᠬᠤᠨ︶ ᠳᠤ ᠭᠦᠨᠵᠡᠭᠡᠶᠢᠷᠡᠵᠦ᠂ 35 ᠬᠥᠮᠦᠨ᠂ GPS ᠴᠡᠭ 80 | ᠭᠠᠷᠤᠶ ᠭᠠᠵᠠᠷ ᠲᠤ ᠬᠦᠷᠴᠦ᠂ 240 ᠭᠠᠷᠤᠶ ᠵᠢᠷᠤᠭ ᠰᠡᠭᠦᠳᠡᠷᠯᠡᠨ᠂ ᠴᠢᠩ ᠤᠯᠤᠰ ᠤᠨ ᠦᠶ᠎ᠡ ᠶᠢᠨ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠶᠢᠨ ᠱᠤᠭᠤᠮ ᠢ ᠲᠡᠮᠳᠡᠭᠯᠡᠭᠰᠡᠨ ᠮᠠᠲ᠋ᠧᠷᠢᠶᠠᠯ ᠢ ᠪᠣᠶ ᠪᠣᠯᠭᠠᠪᠠ᠃ | | |