ᠰᠢ ᠶᠢᠨ ᠫᠢᠩ ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠳᠤᠮᠳᠠᠳᠤ ᠤᠯᠤᠰ  ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠳᠤ ᠵᠣᠷᠢᠭᠤᠯᠤᠨ ᠬᠠᠷᠢᠯᠴᠠᠨ ᠪᠠᠶᠠᠷ ᠤᠨ  ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/15
             ᠨᠡᠶᠢᠲᠡᠯᠡᠭᠰᠡᠨ ᠴᠠᠭ᠄ 2025/4/14       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ  4 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ  ᠪᠣᠯᠣᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠭᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠭᠢᠯᠭᠠᠨ  ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ᠃        ᠰᠢ ᠶᠢᠨ ᠫᠢᠩ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ  ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠨ ᠬᠤᠶᠠᠷ  ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ  ᠦᠯᠡᠮᠵᠢ ᠦᠷ᠎ᠡ ᠪᠦᠲᠦᠭᠡᠯ ᠣᠯᠵᠤ᠂ ᠶᠡᠭᠡ ᠪᠠᠭ᠎ᠠ ᠨᠢ ᠠᠳᠠᠯᠢ ᠪᠤᠰᠤ᠂ ᠲᠡᠦᠬᠡ ᠰᠣᠶᠣᠯ ᠨᠢ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ  ᠤᠯᠤᠰ ᠤᠨ ᠨᠥᠭᠦᠷᠰᠡᠭ ᠢᠶᠠᠷ ᠬᠠᠷᠢᠯᠴᠠᠬᠤ᠂ ᠭᠠᠷ ᠬᠤᠯᠪᠣᠨ ᠬᠥᠭᠵᠢᠬᠦ ᠦᠯᠢᠭᠡᠷ ᠳᠠᠭᠤᠷᠢᠶᠠᠯ ᠢ ᠱᠤᠭᠤᠪᠠ᠃ ᠪᠢ ᠳᠤᠮᠳᠠᠳᠤ ᠤᠯᠤᠰ ᠪᠣᠯᠣᠨ ᠫᠤᠰᠨᠢᠶ᠎ᠠ ᠪᠠ  ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ  ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠲᠤ  ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠣᠯᠣᠨ ᠫᠤᠰᠨᠢᠶ᠎ᠠ ᠪᠠ  ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ  ᠰᠠᠶᠢᠲᠤᠷ      ᠪᠤᠶᠠᠨ   ᠦᠢᠯᠡᠳᠦᠨ᠎ᠡ ᠭᠡᠵᠦ ᠵᠢᠭᠠᠵᠤ ᠭᠠᠷᠭᠠᠪᠠ᠃         ᠽᠸᠢᠶᠠᠨᠤᠸᠢᠴᠢ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ  ᠤᠯᠤᠰ ᠬᠠᠷᠢᠯᠴᠠᠨ ᠭᠦᠨᠳᠦᠳᠭᠡᠵᠦ᠂ ᠨᠥᠬᠦᠷᠯᠡᠯ ᠪᠠᠲᠤ ᠪᠠᠬᠢ ᠪᠠᠶᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃  ᠫᠤᠰᠨᠢᠶ᠎ᠠ ᠪᠠ ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠬᠠᠮᠲᠤ    ᠶᠢᠨ      ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号