4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ 2025 ᠣᠨ ᠤ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠯᠢᠦ ᠶᠢᠨ ᠱᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | ᠬᠤᠷᠠᠯ ᠳᠡᠭᠡᠷ᠎ᠡ᠂ ᠴᠢᠦ ᠵᠢᠶᠦ᠋ᠨ ᠡᠯ᠎ᠡ ᠰᠠᠯᠠᠭ᠎ᠠ ᠮᠥᠴᠢᠷ ᠤᠨ ᠬᠤᠶᠠᠳᠤᠭᠠᠷ ᠤᠯᠠᠷᠢᠯ ᠤᠨ ᠭᠤᠣᠯ ᠪᠣᠯᠬᠤ ᠠᠵᠤ | ᠠᠬᠤᠢ ᠶᠢᠨ ᠭᠦᠢᠴᠡᠳᠬᠡᠯ ᠲᠤᠭ᠎ᠠ ᠶᠢᠨ ᠲᠥᠰᠦᠭᠡᠯᠡᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ | ᠲᠤᠯᠭᠠᠭᠤᠷᠢᠯᠠᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠡᠯ᠎ᠡ | ᠬᠦᠷᠢᠶᠡᠨ ᠤ ᠠᠵᠢᠯ ᠤᠨ ᠠᠬᠢᠴᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠤᠢᠢᠯᠠᠭᠠᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠬᠠᠮᠵᠢᠯᠴᠠᠨ ᠬᠦᠴᠦᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ | ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠵᠢᠯᠣᠭᠤᠳᠬᠤ ᠪᠠᠨ ᠴᠢᠩᠭᠠᠷᠠᠭᠤᠯᠤᠨ᠂ ᠲᠤᠭ᠎ᠠ ᠪᠠᠷᠢᠮᠲᠠ ᠶᠢᠨ | ᠣᠨᠣᠪᠴᠢᠲᠠᠶ ᠪᠥᠭᠡᠳ ᠪᠥᠬᠦ ᠲᠠᠯ᠎ᠠ ᠪᠠᠷ ᠪᠠᠶᠢᠬᠤ ᠶᠢ ᠦᠨᠡᠨᠬᠦ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠭᠤᠤᠯᠳᠠᠯᠭ᠎ᠠ ᠲᠠᠢ | ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠨᠠᠷᠢᠨ ᠲᠠᠩᠰᠠ | ᠭᠠᠷᠭᠠᠵᠤ᠂ ᠵᠠᠩᠭᠢᠯᠠᠭ᠎ᠠ ᠶᠢᠨ ᠠᠰᠠᠭᠤᠳᠠᠯ ᠢ ᠣᠨᠣᠪᠴᠢᠲᠠᠶ ᠡᠷᠢᠬᠦ ᠬᠡᠷᠡᠭᠲᠡᠶ᠃ ᠠᠵᠢᠯ ᠡᠬᠢᠯᠡᠭᠦᠯᠦᠭᠡᠳᠦᠶ ᠲᠥᠷᠥᠯ | ᠵᠦᠢᠯ ᠢ ᠲᠤᠰᠬᠠᠶ ᠬᠥᠮᠦᠨ ᠢᠶᠠᠷ ᠠᠩᠬᠠᠷᠤᠭᠤᠯᠤᠨ ᠭᠦᠢᠴᠡᠳᠬᠡᠵᠦ᠂ ᠭᠠᠷᠳᠠᠮ ᠭᠦᠢᠴᠡᠳᠬᠡᠬᠦ ᠶᠢ ᠲᠦᠷᠭᠡᠳᠬᠡᠬᠦ | ᠬᠡᠷᠡᠭᠲᠡᠶ︔ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ | ᠤᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠪᠠ ᠪᠡᠯᠡ ᠮᠥᠩᠭᠦ ᠲᠡᠮᠡᠴᠡᠨ ᠣᠯᠵᠤ ᠲᠦᠷᠦᠯ ᠵᠦᠢᠯ ᠲᠣᠭᠲᠠᠭᠠᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠠᠵᠤ ᠠᠬᠤᠢ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ | ᠳᠡᠭᠡᠭᠰᠢᠯᠡᠭᠦᠯᠵᠦ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠬᠡᠷᠡᠭᠲᠡᠢ᠃ | ᠬᠤᠪᠢᠳᠠᠨ ᠬᠠᠮᠢᠶᠠᠷᠬᠤ ᠤᠳᠤᠷᠢᠳᠤᠯᠭ᠎ᠠ ᠲᠦᠷᠦᠭᠦᠯᠡᠨ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠠᠵᠢᠯ | ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠪᠠᠨ | ᠪᠦᠷᠢᠨᠰᠢᠬᠦᠯᠵᠦ᠂ ᠲᠥᠷᠥᠯ ᠵᠦᠢᠯ ᠤᠨ ᠠᠰᠠᠭᠤᠳᠠᠯ ᠢ ᠨᠠᠷᠢᠨ ᠲᠠᠩᠰᠠ ᠲᠠᠢ ᠪᠣᠯᠭᠠᠨ ᠰᠢᠢᠳᠪᠦᠷᠢᠯᠡᠵᠦ᠂ ᠨᠡᠮᠡᠭᠳᠡᠯ ᠢ | ᠲᠣᠭᠲᠠᠪᠤᠷᠢᠵᠢᠭᠤᠯᠬᠤ᠂ ᠴᠢᠨᠠᠷ ᠢ ᠪᠠᠲᠤᠯᠠᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠨᠢᠭᠡᠨᠲᠡ ᠲᠣᠭᠲᠠᠭᠠᠭᠰᠠᠨ | ᠠᠵᠤ ᠠᠬᠤᠶ ᠶᠢᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠶᠢᠨ | ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠵᠡᠢ᠃ |