ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠤᠢ ᠰᠢᠭᠤᠢ ᠨᠤᠳᠤᠭ ᠪᠡᠯᠴᠢᠭᠡᠷ ᠢ ᠰᠦᠢᠳᠭᠡᠭᠰᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠥ ᠪᠠᠶᠢᠭ᠎ᠠ
ᠨᠡᠶᠢᠲᠡᠯᠡᠭᠰᠡᠨ ᠴᠠᠭ᠄
2025/4/22
    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠬᠠᠮᠠᠭᠠᠯᠠᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠯᠠᠨ ᠡᠭᠦᠰᠬᠦ ᠪᠠᠶᠢᠳᠠᠯ ᠢ ᠬᠤᠷᠢᠭᠯᠠᠬᠤ ᠶᠢᠨ ᠲᠥᠯᠥᠭᠡ᠂ ︽ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠩᠬᠢ ᠣᠢ ᠰᠢᠭᠤᠢ ᠪᠠ ᠨᠤᠲᠤᠭ ᠪᠡᠯᠴᠢᠭᠡᠷ ᠢ ᠰᠦᠢᠳᠬᠡᠭᠰᠡᠨ ᠬᠡᠷᠡᠭ ᠲᠤ ᠬᠤᠯᠪᠣᠭᠳᠠᠭᠰᠠᠨ 20 ᠬᠡᠷᠡᠭ ᠢ ᠠᠮᠵᠢᠯᠲᠠ ᠲᠠᠢ ᠢᠯᠡᠷᠡᠭᠦᠯᠵᠦ᠂ 18 ᠬᠦᠮᠦᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠡᠭᠦᠨ ᠳᠤ 16 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ ᠂ 2 ᠬᠥᠮᠥᠨ ᠢ ᠪᠠᠳᠤᠯᠠᠨ ᠠᠪᠴᠤ ᠰᠢᠭᠦᠬᠦ ᠶᠢ ᠬᠦᠯᠢᠶᠡᠯᠭᠡᠪᠡ᠃
  科左后旗重拳整治毁林毁草01.jpg    
     ᠨᠢᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠬᠠᠷᠢᠶ᠎ᠠ ᠣᠷᠣᠨ ᠳᠤ    ᠵᠣᠣ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠳᠤ ᠪᠠᠯᠭᠠᠰᠤᠨ ᠤ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠡᠷᠳᠡᠨᠢ ᠰᠢᠰᠢ 30.8 ᠮᠥ ᠲᠠᠷᠢᠵᠤ᠂ ᠣᠶᠢᠲᠤ ᠭᠠᠵᠠᠷ ᠢ ᠬᠦᠨᠳᠦ ᠨᠣᠴᠢᠲᠠᠶ ᠡᠪᠳᠡᠪᠡ᠃ ᠵᠣᠣ xx ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠦᠷᠢᠴᠡᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 10 ᠤ ᠡᠳᠦᠷ ᠵᠤᠤ xx ᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃    ᠬᠤᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠬᠠᠷᠢᠶ᠎ᠠ ᠤᠷᠤᠨ ᠳᠤ    ᠪᠠᠢ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠳᠤᠳᠤ ᠬᠠᠷᠢᠶ᠎ᠠ ᠣᠷᠣᠨ ᠤ ᠣᠶᠢᠲᠤ ᠭᠠᠵᠠᠷ ᠲᠤ 14.1 ᠮᠦ ᠰᠠᠭᠠᠭ ᠲᠠᠷᠢᠵᠦ᠂ ᠤᠢ ᠰᠢᠭᠤᠢ ᠶᠢᠨ ᠭᠠᠵᠠᠷ ᠢ ᠶᠡᠭᠡ ᠬᠡᠮᠵᠢᠶ᠎ᠡ ᠪᠠᠷ  ᠰᠦᠢᠳᠭᠡᠪᠡ᠂ ᠪᠠᠢ ᠣᠪᠣᠭᠲᠤ ᠶᠢᠨ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 10 ᠤ ᠡᠳᠦᠷ᠂ ᠪᠠᠢ xx ᠢ ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃      ᠭᠤᠷᠪᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤᠨ ᠤ ᠬᠠᠷᠢᠶ᠎ᠠ ᠣᠷᠣᠨ  ᠳᠤ    ᠰᠧ x ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤᠨ ᠤ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠨ ᠡᠷᠳᠡᠨᠢ ᠰᠢᠰᠢ ᠲᠠᠷᠢᠭᠠᠳ 11.292 ᠮᠥ ᠣᠶᠢᠲᠤ ᠭᠠᠵᠠᠷ ᠬᠦᠨᠳᠦ ᠨᠣᠴᠢᠲᠠᠶ ᠡᠪᠳᠡᠭᠳᠡᠪᠡ᠃ ᠰᠧ x ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 18 ᠤ ᠡᠳᠦᠷ᠂ ᠰᠧ x ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠪᠠᠳᠤᠯᠠᠨ ᠠᠪᠴᠤ ᠰᠢᠭᠦᠬᠦ ᠶᠢ ᠬᠦᠯᠢᠶᠡᠯᠭᠡᠪᠡ᠃     ᠲᠦᠷᠪᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠬᠠᠷᠢᠶ᠎ᠠ ᠣᠷᠣᠨ  ᠳᠤ    ᠲᠤ᠋ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠬᠠᠷᠢᠶ᠎ᠠ ᠣᠷᠣᠨ ᠳᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠬᠦᠬᠡ ᠲᠠᠷᠤᠰᠢ ᠶᠢᠨ ᠡᠷᠳᠡᠨᠢ ᠰᠢᠰᠢ 30.8 ᠮᠦ ᠲᠠᠷᠢᠭᠠᠳ᠂ ᠪᠠᠶᠢᠭᠠᠯᠢ ᠶᠢᠨ ᠪᠡᠯᠴᠢᠭᠡᠷ ᠤᠷᠭᠤᠮᠠᠯ ᠤᠨ ᠪᠦᠷᠬᠦᠴᠡ ᠶᠢ ᠶᠡᠭᠡ ᠬᠡᠮᠵᠢᠶ᠎ᠡ ᠪᠠᠷ ᠰᠦᠢᠳᠬᠡᠭᠰᠡᠨ ᠪᠠᠶᠢᠨ᠎ᠠ᠃ ᠲᠤ᠋ xx ᠤ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 19 ᠤ ᠡᠳᠦᠷ᠂ ᠲᠤ᠋ xx ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃     ᠲᠠᠪᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠬᠠᠷᠢᠶ᠎ᠠ ᠣᠷᠣᠨ ᠳᠤ     ᠯᠢ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠯᠢᠭᠤᠲᠤ ᠪᠠᠯᠭᠠᠰᠤᠨ ᠤ ᠬᠠᠷᠢᠶ᠎ᠠ ᠣᠷᠣᠨ ᠳᠤ ᠲᠤᠷ᠎ᠠ ᠪᠠᠷ ᠮᠤᠳᠤ ᠤᠭᠳᠤᠯᠵᠤ᠂ ᠣᠭᠲᠣᠯᠬᠤ ᠬᠡᠪᠴᠢᠶ᠎ᠡ ᠠᠴᠠ ᠳᠠᠪᠠᠭᠰᠠᠨ ᠭᠠᠵᠠᠷ ᠤᠨ ᠶᠡᠷᠦᠩᠬᠡᠶ ᠲᠠᠯᠠᠪᠠᠶ ᠨᠢ 3.67 ᠮᠦ᠂ ᠮᠤᠳᠤᠨ ᠤ ᠶᠡᠷᠦᠩᠬᠡᠶ ᠲᠤᠭ᠎ᠠ ᠨᠢ 96 ᠰᠠᠭᠤᠷᠢ᠂ ᠶᠡᠷᠦᠩᠬᠡᠶ ᠬᠠᠳᠠᠭᠠᠯᠠᠭᠳᠠᠴᠠ ᠨᠢ 46.0571 ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠬᠡᠷᠡᠭᠰᠡᠯ ᠤᠨ ᠮᠣᠳᠣᠨ ᠤ ᠭᠠᠷᠤᠯᠲᠠ ᠶᠢᠨ ᠬᠡᠮᠵᠢᠶ᠎ᠡ ᠨᠢ 35.5869 ᠪᠣᠰᠤᠭ᠎ᠠ ᠳᠥᠷᠪᠡᠯᠵᠢᠨ ᠮᠧᠳ᠋ᠷ ᠬᠦᠷᠴᠦ᠂ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠯᠢ xx ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠳᠤ ᠬᠠᠯᠳᠠᠵᠤ᠂ ᠣᠶ ᠮᠣᠳᠣ ᠶᠢ ᠳᠤᠷ᠎ᠠ ᠪᠠᠷ ᠣᠭᠲᠣᠯᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 19 ᠤ ᠡᠳᠦᠷ᠂ ᠯᠢ xx ᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃     ᠵᠢᠷᠭᠤᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ ᠪᠠᠯᠭᠠᠰᠤᠨ ᠤ ᠬᠠᠷᠢᠶ᠎ᠠ ᠲᠣᠭᠤᠷᠢᠭ ᠲᠤ    ᠬᠤ᠋ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠳᠦᠨ ᠪᠠᠯᠭᠠᠰᠤᠨ ᠤ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠵᠤ ᠡᠷᠳᠡᠨᠢ ᠰᠢᠰᠢ ᠳᠠᠷᠢᠭᠰᠠᠨ ᠠᠴᠠ 22.84 ᠮᠥ ᠨᠤᠲᠤᠭ ᠪᠡᠯᠴᠢᠭᠡᠷ ᠬᠦᠨᠳᠦ ᠨᠣᠴᠢᠲᠠᠶ ᠡᠪᠳᠡᠭᠳᠡᠪᠡ᠃ ᠬᠤ᠋ xx ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 20 ᠤ ᠡᠳᠦᠷ᠂ ᠬᠤ xx ᠢ ᠬᠠᠮᠠᠭᠠᠯᠠᠬᠤ ᠪᠠᠶᠢᠭᠤᠯᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷᠢ ᠬᠤᠷᠢᠪᠠ᠃     ᠲᠤᠯᠤᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠭᠠᠳᠠᠯ᠎ᠠ ᠰᠤᠮᠤ ᠶᠢᠨ ᠬᠠᠷᠢᠶ᠎ᠠ ᠣᠷᠣᠨ ᠳᠤ    ᠪᠦ᠋ xx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠭᠠᠳᠠᠯ᠎ᠠ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠵᠤ ᠡᠷᠳᠡᠨᠢ ᠰᠢᠰᠢ ᠶᠢ ᠳᠠᠷᠢᠭᠰᠠᠨ ᠠᠴᠠ ᠪᠣᠯᠵᠤ 28.17 ᠮᠥ ᠣᠶᠢᠲᠤ ᠭᠠᠵᠠᠷ ᠢ ᠬᠦᠨᠳᠦ ᠨᠣᠴᠢᠲᠠᠶ ᠡᠪᠳᠡᠪᠡ᠃ ᠪᠦ᠋ xx ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠳᠤ ᠬᠠᠯᠳᠠᠭᠰᠠᠨ ᠪᠠᠶᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 20 ᠤ ᠡᠳᠦᠷ ᠪᠦ᠋ xx ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ  ᠪᠠᠳᠤᠯᠠᠨ ᠠᠪᠴᠤ ᠰᠢᠭᠦᠬᠦ ᠶᠢ ᠬᠦᠯᠢᠶᠡᠯᠭᠡᠪᠡ᠃     ᠨᠠᠢᠮᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ ᠪᠠᠯᠭᠠᠰᠤᠨ ᠤ ᠬᠠᠷᠢᠶ᠎ᠠ ᠲᠣᠭᠤᠷᠢᠭ ᠲᠤ    ᠡ᠊ xxxx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠳᠦᠨ ᠪᠠᠯᠭᠠᠰᠤᠨ ᠤ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠵᠤ ᠡᠷᠳᠡᠨᠢ ᠰᠢᠰᠢ ᠳᠠᠷᠢᠭᠰᠠᠨ ᠠᠴᠠ 9.6 ᠮᠥ ᠣᠶᠢᠲᠤ ᠭᠠᠵᠠᠷ ᠬᠦᠨᠳᠦ ᠨᠣᠴᠢᠲᠠᠶ ᠡᠪᠳᠡᠭᠳᠡᠪᠡ᠃ ᠡ᠊ xxxx ᠤ ᠦᠢᠯᠡ ᠠᠵᠢᠯᠯᠠᠭ᠎ᠠ ᠨᠢ ᠨᠢᠭᠡᠨᠳᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 20 ᠤ ᠡᠳᠦᠷ᠂ ᠡ᠊ xxxx ᠢ ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃     ᠶᠢᠰᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤᠨ ᠤ ᠬᠠᠷᠢᠶ᠎ᠠ ᠲᠣᠭᠤᠷᠢᠭ ᠲᠤ    ᠪᠠᠢ xxxx ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤᠨ ᠤ ᠬᠠᠷᠢᠶ᠎ᠠ ᠣᠷᠣᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠵᠤ ᠡᠷᠳᠡᠨᠢ ᠰᠢᠰᠢ ᠶᠢ ᠳᠠᠷᠢᠭᠰᠠᠨ ᠠᠴᠠ 38.9 ᠮᠦ ᠨᠤᠲᠤᠭ ᠪᠡᠯᠴᠢᠭᠡᠷ ᠢ ᠬᠦᠨᠳᠦ ᠨᠣᠴᠢᠲᠠᠶ ᠡᠪᠳᠡᠪᠡ ᠂ ᠪᠠᠢ xxxx ᠤ ᠦᠢᠯᠡ ᠠᠵᠢᠯᠯᠠᠭ᠎ᠠ ᠨᠢ ᠨᠢᠭᠡᠨᠲᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠠᠴᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠨ᠎ᠠ᠃ 4 ᠰᠠᠷ᠎ᠠ ᠶᠢᠨ 21 ᠤ ᠡᠳᠦᠷ᠂ ᠪᠠᠢ xxxx ᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠪᠠ᠃
  科左后旗重拳整治毁林毁草02.jpg 
    ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ    ᠣᠶ ᠰᠢᠭᠤᠶ ᠡᠪᠡᠰᠦ ᠮᠣᠳᠣ ᠪᠣᠯ ᠡᠬᠡ ᠪᠠᠶᠢᠭᠠᠯᠢ ᠠᠴᠠ ᠰᠤᠶᠤᠷᠬᠠᠭᠰᠠᠨ ᠨᠤᠮᠢᠨ ᠨᠤᠭᠤᠭᠠᠨ ᠡᠳ᠋ ᠡᠷᠳᠡᠨᠢ ᠪᠣᠯᠬᠤ ᠪᠥᠭᠡᠳ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠵᠠᠩᠭᠢᠯᠠᠭ᠎ᠠ ᠶᠢᠨ ᠬᠤᠯᠪᠣᠭᠠᠰᠤ ᠮᠥᠨ᠃ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠬᠤ ᠪᠣᠯ ᠳᠠᠷᠤᠢ ᠮᠠᠨ ᠤ ᠣᠷᠣᠰᠢᠨ ᠲᠣᠭᠲᠠᠨᠢᠬᠤ ᠭᠡᠷ ᠣᠷᠣᠨ ᠢᠶᠠᠨ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ᠃ ᠣᠯᠠᠨ ᠢᠶᠠᠷ ᠢᠶᠠᠨ ᠤᠬᠠᠮᠰᠠᠷ ᠠᠴᠠ ᠪᠠᠨ ᠡᠪᠳᠡᠯᠡᠭᠡ ᠶᠢᠨ ᠴᠢᠨᠡᠷ ᠲᠠᠢ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠭᠠᠷᠠᠢ᠂ ᠬᠡᠷᠪᠡ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭᠳᠠᠭ᠎ᠠ ᠳᠤ ᠮᠡᠳᠡᠭᠦᠯᠬᠦ ᠤᠲᠠᠰᠤ 110 ᠪᠤᠶᠤ 5228110 ᠳᠤ  ᠤᠳᠠᠰᠤ ᠠᠪᠤᠭᠠᠷᠠᠢ︕ ᠴᠠᠭᠳᠠᠭ᠎ᠠ ᠠᠷᠠᠳ ᠰᠡᠳᠬᠢᠯ ᠢᠶᠠᠨ ᠨᠢᠭᠡᠳᠬᠡᠵᠦ᠂ ᠪᠣᠬᠢᠷᠲᠤᠯ ᠥᠬᠡᠶ ᠭᠡᠷ ᠣᠷᠣᠨ ᠢᠶᠠᠨ ᠬᠠᠮᠲᠤ ᠪᠠᠷ ᠬᠠᠮᠠᠭᠠᠯᠠᠶ᠎ᠠ︕           
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号