ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠤᠶᠢᠯᠠᠭᠠᠭᠰᠠᠨ ᠢᠶᠠᠷ᠂ | 4 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ | ᠠᠯᠤᠰᠯᠠᠨ ᠣᠨᠳᠣᠤ ᠭᠠᠵᠠᠷ ᠡᠮᠨᠡᠭᠦᠯᠬᠦ ᠶᠢ ᠰᠢᠭᠤᠳ ᠳ᠋ᠦᠩᠨᠡᠨ ᠪᠣᠳᠣᠬᠤ ᠠᠵᠢᠯ ᠢ ᠪᠤᠢ ᠪᠦᠬᠦᠢ ᠲᠤᠰᠬᠠᠶ ᠣᠷᠣᠨ ᠤ | ᠲᠠᠰ ᠤᠨ ᠬᠤᠲᠠ ᠳᠤ ᠥᠷᠨᠢᠭᠦᠯᠦᠨ᠎ᠡ᠃ ᠡᠯ᠎ᠡ ᠭᠠᠵᠠᠷ ᠪᠦᠬᠦ ᠤᠯᠤᠰ ᠤᠨ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠣᠨᠳᠣᠤ ᠭᠠᠵᠠᠷ ᠡᠮᠨᠡᠭᠦᠯᠦᠭᠰᠡᠨ ᠰᠦᠢᠳᠭᠡᠯ ᠢ ᠳ᠋ᠦᠩᠨᠡᠨ ᠪᠣᠳᠣᠬᠤ ᠮᠡᠳᠡᠭᠡ ᠵᠠᠩᠭᠢ ᠶᠢᠨ | ᠰᠢᠰᠲ᠋ᠧᠮ ᠳᠤ ᠲᠦᠰᠢᠭᠯᠡᠨ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠨᠡᠶᠢᠭᠡᠮ ᠤᠨ ᠪᠠᠲᠤᠯᠠᠭ᠎ᠠ ᠶᠢᠨ | ᠺᠠᠷᠲ ᠢᠶᠠᠨ ᠪᠠᠷᠢᠪᠠᠯ ᠮᠤᠵᠢ ᠠᠯᠤᠰᠯᠠᠨ ᠣᠨᠳᠣᠤ ᠭᠠᠵᠠᠷ ᠡᠮᠨᠡᠭᠦᠯᠦᠭᠰᠡᠨ ᠠᠵᠢᠯ ᠠᠴᠠ ᠪᠣᠯᠤᠭᠰᠠᠨ ᠭᠡᠮᠲᠦᠯ ᠤᠨ | ᠡᠮᠨᠡᠭᠦᠯᠬᠦ ᠵᠠᠷᠤᠳᠠᠯ᠂ ᠠᠵᠢᠯ ᠠᠴᠠ ᠪᠣᠯᠤᠭᠰᠠᠨ ᠭᠡᠮᠲᠦᠯ ᠢ ᠡᠮᠨᠡᠯᠭᠡ ᠳᠤ ᠰᠠᠭᠤᠵᠤ ᠡᠷᠡᠭᠦᠯᠵᠢᠭᠦᠯᠬᠦ ᠵᠠᠷᠤᠳᠠᠯ ᠪᠣᠯᠤᠨ | ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠵᠠᠷᠤᠳᠠᠯ ᠢ ᠰᠢᠭᠤᠳ ᠳ᠋ᠦᠩᠨᠡᠨ ᠪᠣᠳᠣᠬᠤ ᠶᠢ ᠠᠯᠬᠤᠮ ᠠᠯᠬᠤᠮ ᠢᠶᠠᠷ | ᠪᠡᠶᠡᠯᠡᠭᠦᠯᠬᠦ ᠪᠤᠯᠤᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ | ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ | ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠡᠪᠡᠳᠴᠢᠨ ᠦᠵᠡᠭᠦᠯᠬᠦ ᠴᠤᠪᠤᠷᠠᠯ᠂ ᠳᠠᠩᠰᠠᠯᠠᠭᠤᠯᠬᠤ | ᠭᠠᠷ ᠭᠦᠢᠴᠡᠳᠬᠡᠯ ᠢ ᠭᠦᠢᠴᠡᠳᠬᠡᠬᠦ ᠠᠷᠭ᠎ᠠ ᠵᠠᠮ᠂ ᠵᠠᠷᠤᠳᠠᠯ ᠢ ᠳ᠋ᠦᠩᠨᠡᠨ ᠪᠤᠳᠤᠬᠤ ᠬᠡᠪᠴᠢᠶ᠎ᠡ ᠵᠢᠴᠢ ᠱᠠᠭᠠᠷᠳᠠᠯᠭ᠎ᠠ | ᠵᠡᠷᠭᠡ ᠵᠦᠢᠯᠡᠰ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠲᠣᠳᠣᠷᠬᠠᠶᠢᠯᠠᠭᠰᠠᠨ ᠤ ᠬᠠᠮᠲᠤ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠭᠤᠷᠪᠠᠨ ᠠᠯᠬᠤᠮ ᠬᠤᠪᠢᠶᠠᠨ | ᠪᠦᠬᠦ ᠭᠤᠷᠪᠠᠨ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠬᠡᠯᠡᠯᠴᠡᠭᠡᠷ ᠤᠨ ᠡᠮᠴᠢᠯᠡᠭᠡᠨ ᠤ ᠪᠠᠶᠢᠭᠤᠯᠤᠮᠵᠢ | ᠵᠢᠴᠢ ᠡᠷᠡᠭᠦᠯᠵᠢᠯ ᠪᠠ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠯᠡᠯᠴᠡᠭᠡᠷ ᠤᠨ ᠪᠠᠶᠢᠭᠤᠯᠤᠮᠵᠢ ᠶᠢ ᠪᠦᠷᠢᠨ | ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ ᠭᠡᠵᠡᠢ᠃ | ᠮᠡᠳᠡᠭᠳᠡᠯ ᠳᠤ ᠱᠠᠭᠠᠷᠳᠠᠭᠰᠠᠨ ᠨᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ | ᠪᠥᠭᠡᠳ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ᠂ ᠠᠵᠢᠯ ᠠᠴᠠ ᠪᠣᠯᠤᠭᠰᠠᠨ ᠭᠡᠮᠲᠦᠯ ᠢ | ᠳᠠᠭᠢᠵᠤ ᠨᠤᠲᠠᠯᠠᠬᠤ᠂ ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ ᠶᠢ ᠨᠤᠲᠠᠯᠠᠬᠤ ᠪᠤᠶᠤ ᠲᠤᠰᠠᠯᠠᠬᠤ ᠪᠠᠭᠠᠵᠢ | ᠬᠡᠷᠡᠭᠰᠡᠯ ᠲᠤᠬᠢᠷᠠᠭᠤᠯᠬᠤ ᠶᠢ ᠨᠤᠲᠠᠯᠠᠬᠤ ᠶᠢ ᠨᠢᠭᠡᠨᠲᠡ ᠪᠡᠶᠡᠯᠡᠭᠦᠯᠦᠭᠰᠡᠨ ᠣᠨᠳᠣᠤ ᠭᠠᠵᠠᠷ ᠲᠤ ᠣᠷᠳᠣ | ᠬᠤᠭᠤᠴᠠᠭ᠎ᠠ ᠪᠠᠷ ᠰᠠᠭᠤᠵᠤ ᠪᠠᠶᠢᠭ᠎ᠠ᠂ ᠣᠨᠳᠣᠤ ᠭᠠᠵᠠᠷ ᠲᠤ ᠪᠠᠶᠢᠩᠭᠤ ᠰᠠᠭᠤᠵᠤ ᠠᠵᠢᠯᠯᠠᠵᠤ ᠪᠠᠶᠢᠭ᠎ᠠ ᠪᠠ ᠣᠨᠳᠣᠤ | ᠭᠠᠵᠠᠷ ᠲᠤ ᠰᠢᠯᠵᠢᠭᠦᠯᠦᠨ ᠡᠮᠨᠡᠭᠦᠯᠵᠦ ᠡᠮᠨᠡᠯᠭᠡ ᠰᠢᠯᠵᠢᠭᠰᠡᠨ ᠵᠡᠷᠭᠡ ᠠᠵᠢᠯ ᠠᠴᠠ ᠪᠤᠯᠵᠤ ᠭᠡᠮᠲᠦᠭᠰᠡᠨ ᠠᠵᠢᠯᠲᠠᠨ | ᠠᠵᠢᠯᠴᠢᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠬᠠᠮᠢᠶ᠎ᠠ ᠪᠥᠬᠦᠶ ᠵᠠᠷᠤᠳᠠᠯ ᠢ ᠰᠢᠭᠤᠳ ᠳ᠋ᠦᠩᠨᠡᠨ | ᠪᠤᠳᠤᠬᠤ ᠶᠢ ᠭᠤᠶᠤᠴᠢᠯᠠᠵᠤ ᠪᠣᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠴᠠ ᠣᠨᠳᠣᠤ ᠭᠠᠵᠠᠷ ᠲᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠳᠤᠷᠠᠳᠤᠭᠰᠠᠨ | ᠬᠥᠮᠦᠰ ᠲᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠣᠨᠳᠣᠤ ᠭᠠᠵᠠᠷ ᠲᠤ | ᠡᠪᠡᠳᠴᠢᠨ ᠦᠵᠡᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠪᠣᠯᠤᠨ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ ᠶᠢ ᠰᠠᠶᠢᠲᠤᠷ ᠬᠢᠨ᠎ᠡ᠃ | |