ᠲᠠᠷᠢᠶᠠᠯᠠᠩ ᠤᠨ ᠮᠠᠰᠢᠨ ᠬᠡᠷᠡᠭᠰᠡᠯ ᠢ ᠲᠷᠠᠺᠲ᠋ᠣᠷ ᠯᠤᠭ᠎ᠠ ᠲᠦᠭᠦᠷᠵᠢᠭᠦᠯᠦᠨ ᠬᠡᠷᠡᠭᠯᠡᠬᠦ ᠮᠡᠷᠭᠡᠵᠢᠯ
ᠨᠡᠶᠢᠲᠡᠯᠡᠭᠰᠡᠨ ᠴᠠᠭ᠄
2025/4/23
    — ᠬᠡᠯᠪᠡᠷᠢ ᠶᠢ ᠵᠥᠪ ᠰᠣᠩᠭᠤᠬᠤ᠄ ᠠᠳᠠᠯᠢ ᠪᠤᠰᠤ ᠲᠠᠷᠢᠶᠠᠯᠠᠩ ᠤᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠣᠬᠢᠷᠠᠮᠵᠢᠲᠠᠶ ᠲᠠᠷᠢᠶᠠᠯᠠᠩ ᠤᠨ ᠮᠠᠰᠢᠨ ᠪᠠᠭᠠᠵᠢ ᠪᠠ ᠲᠷᠠᠺᠲ᠋ᠣᠷ ᠢ ᠰᠣᠩᠭᠤᠵᠤ ᠢᠵᠢ ᠪᠦᠷᠢᠳᠦᠭᠦᠯᠬᠦ ᠬᠡᠷᠡᠭᠲᠡᠶ᠃ ᠵᠢᠱᠢᠶᠡᠯᠡᠪᠡᠯ ᠲᠠᠷᠢᠶᠠᠨ ᠭᠠᠵᠠᠷ ᠤᠨ ᠠᠵᠢᠯ ᠳᠤ ᠠᠨᠵᠢᠰᠤᠨ ᠬᠡᠯᠪᠡᠷᠢ ᠶᠢᠨ ᠬᠠᠭᠠᠯᠪᠤᠷᠢᠯᠠᠬᠤ ᠮᠠᠰᠢᠨ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠵᠡᠷᠭᠡ ᠶᠢ ᠰᠣᠩᠭᠤᠵᠤ ᠪᠣᠯᠤᠨ᠎ᠠ︔ ᠲᠠᠷᠢᠬᠤ ᠠᠵᠢᠯ ᠬᠢᠬᠦ ᠳᠤ ᠲᠠᠷᠢᠬᠤ ᠮᠠᠰᠢᠨ ᠵᠡᠷᠭᠡ ᠶᠢ ᠰᠣᠩᠭᠤᠵᠤ ᠪᠣᠯᠤᠨ᠎ᠠ᠃     —— ᠤᠭᠰᠠᠷᠠᠬᠤ ᠬᠢᠭᠡᠳ ᠲᠤᠷᠰᠢᠨ ᠲᠣᠬᠢᠷᠠᠭᠤᠯᠬᠤ᠄ ᠲᠠᠷᠢᠶᠠᠯᠠᠩ ᠤᠨ ᠮᠠᠰᠢᠨ ᠪᠠᠭᠠᠵᠢ ᠤᠭᠰᠠᠷᠠᠬᠤ ᠦᠶ᠎ᠡ ᠳᠤ᠂ ᠲᠣᠳᠣᠷᠬᠠᠶᠢᠯᠠᠯᠲᠠ ᠶᠢᠨ ᠪᠢᠴᠢᠭ ᠤᠨ ᠱᠠᠭᠠᠷᠳᠠᠯᠭ᠎ᠠ ᠶᠣᠰᠣᠭᠠᠷ ᠵᠥᠪ ᠣᠨᠣᠪᠴᠢᠲᠠᠢ ᠤᠭᠰᠠᠷᠠᠬᠤ ᠶᠢᠨ ᠬᠠᠮᠲᠤ᠂ ᠲᠣᠬᠢᠷᠠᠭᠤᠯᠤᠨ ᠲᠤᠷᠰᠢᠵᠤ᠂ ᠲᠠᠷᠢᠶᠠᠯᠠᠩ ᠤᠨ ᠮᠠᠰᠢᠨ ᠬᠡᠷᠡᠭᠰᠡᠯ ᠬᠢᠭᠡᠳ ᠲᠷᠠᠺᠲ᠋ᠣᠷ ᠤᠨ ᠵᠠᠯᠭᠠᠯᠲᠠ ᠪᠠᠲᠤ ᠪᠠᠬᠢ ᠪᠠᠶᠢᠬᠤ᠂ ᠠᠵᠢᠯ ᠤᠨ ᠪᠠᠶᠢᠳᠠᠯ ᠰᠠᠶᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠢᠱᠢᠶᠡᠯᠡᠪᠡᠯ᠂ ᠲᠠᠷᠢᠬᠤ ᠮᠠᠰᠢᠨ ᠤᠭᠰᠠᠷᠠᠬᠤ ᠳᠤ ᠲᠠᠷᠢᠬᠤ ᠭᠦᠨᠴᠡ᠂ ᠮᠥᠷ ᠤᠨ ᠵᠠᠶ ᠵᠡᠷᠭᠡ ᠪᠣᠯᠵᠣᠯᠲᠤ ᠲᠤᠭ᠎ᠠ ᠶᠢ ᠰᠠᠶᠢᠲᠤᠷ ᠲᠣᠬᠢᠷᠠᠭᠤᠯᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号