4 ᠰᠠᠷ᠎ᠠ ᠶᠢᠨ 23 ᠤ ᠡᠳᠦᠷ᠂ ᠮᠧᠩ ᠰᠢᠶᠠᠨ ᠳ᠋ᠦᠩ᠂ ᠴᠢ᠊ · ᠳᠠᠯᠠᠨᠲᠠᠢ ᠵᠡᠷᠭᠡ ᠬᠤᠲᠠ ᠶᠢᠨ ᠳᠥᠷᠪᠡᠨ ᠶᠡᠭᠡ | ᠤᠳᠤᠷᠢᠳᠬᠤ ᠪᠠᠭ ᠵᠢᠴᠢ ᠴᠡᠷᠢᠭ ᠤᠨ ᠬᠤᠪᠢᠶᠠᠷᠢ ᠲᠣᠭᠤᠷᠢᠭ ᠤᠨ ᠤᠳᠤᠷᠢᠳᠬᠤ ᠨᠥᠬᠦᠳ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠨᠤᠭᠤᠰᠤᠳᠠᠢ ᠪᠠᠯᠭᠠᠰᠤᠨ ᠤ ︽ᠬᠤᠣᠰ ᠵᠠᠭᠤᠨ ᠲᠦᠮᠡᠨ ᠮᠦ︾ ᠶᠢᠨ ᠲᠥᠷᠥᠯ | ᠵᠦᠢᠯ ᠤᠨ ᠲᠣᠭᠤᠷᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠪᠠ᠃ | | ᠮᠧᠩ ᠰᠢᠶᠠᠨ ᠳ᠋ᠦᠩ ︵ᠵᠡᠭᠦᠨ ᠠᠴᠠ ᠨᠢᠭᠡᠳᠦᠭᠡᠷ︶ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ | ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | | ᠴᠢ᠊ · ᠳᠠᠯᠠᠨᠲᠠᠢ ︵ᠪᠠᠷᠠᠭᠤᠨ ᠠᠴᠠ ᠨᠢᠭᠡᠳᠦᠭᠡᠷ︶ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠪᠠ᠃ | ᠦᠳᠡ ᠶᠢᠨ ᠡᠮᠦᠨᠡᠬᠢ 9 ᠴᠠᠭ 20 ᠮᠢᠨᠦ᠋ᠲ ᠲᠤ᠂ ᠮᠧᠩ ᠰᠢᠶᠠᠨ ᠳ᠋ᠦᠩ᠂ ᠴᠢ᠊ · ᠳᠠᠯᠠᠨᠲᠠᠢ ᠨᠠᠷ ᠮᠣᠳᠣ | ᠲᠠᠷᠢᠬᠤ ᠭᠠᠵᠠᠷ ᠲᠤ ᠬᠦᠷᠴᠦ᠂ ᠺᠠᠳ᠋ᠷ ᠤᠯᠠᠨ ᠲᠦᠮᠡᠨ ᠲᠠᠢ ᠬᠠᠮᠲᠤ ᠶᠠᠭᠠᠷᠠᠯᠳᠤᠵᠤ ᠡᠬᠢᠯᠡᠪᠡ᠃ ᠤᠯᠠᠨ ᠢᠶᠠᠷ ᠢᠶᠠᠨ | ᠡᠷᠴᠢ ᠵᠣᠷᠢᠭ ᠲᠡᠭᠦᠯᠳᠡᠷ ᠪᠠᠶᠢᠵᠤ᠂ ᠬᠦᠷᠵᠡ ᠡᠷᠭᠢᠭᠦᠯᠦᠨ ᠰᠢᠷᠣᠢ ᠮᠠᠯᠲᠠᠵᠤ᠂ ᠬᠠᠰᠢᠯᠭ᠎ᠠ ᠬᠦᠷᠢᠶᠡᠯᠡᠵᠦ᠂ ᠤᠰᠤ | ᠭᠠᠷᠭᠠᠨ ᠤᠰᠤᠯᠠᠵᠤ᠂ ᠬᠡᠰᠡᠭ ᠪᠦᠯᠦᠭ ᠬᠠᠶᠢᠯᠠᠷ ᠨᠠᠷᠠᠰᠤ ᠲᠡᠷᠢ ᠲᠡᠭᠰᠢ ᠰᠠᠯᠬᠢᠨ ᠳᠤ ᠰᠡᠬᠦ᠋ᠢᠨ ᠰᠦᠨᠳᠡᠷᠯᠡᠨ᠎ᠡ᠃ | ᠮᠧᠩ ᠰᠢᠶᠠᠨ ᠳ᠋ᠦᠩ ᠮᠣᠳᠣ ᠵᠠᠶᠢᠯᠠᠬᠤ ᠶᠢᠨ ᠳᠠᠭᠠᠤ ᠳᠡᠷᠭᠡᠳᠡᠬᠢ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠠᠴᠠ ᠰᠤᠷᠤᠯᠴᠠᠯᠭ᠎ᠠ ᠠᠮᠢᠳᠤᠷᠠᠯ᠂ ᠬᠥᠳᠡᠯᠮᠦᠷᠢ ᠶᠢᠨ ᠪᠣᠯᠪᠠᠰᠤᠷᠠᠯ ᠤᠨ ᠪᠠᠶᠢᠳᠠᠯ ᠢ ᠠᠰᠠᠭᠤᠵᠤ᠂ | ᠬᠡᠦᠬᠡᠳ ᠤᠳ ᠢ ᠬᠥᠳᠡᠯᠮᠦᠷᠢ ᠳᠤ ᠢᠯᠡᠭᠦᠬᠡᠨ ᠣᠷᠣᠯᠴᠠᠵᠤ᠂ ᠬᠠᠷᠠᠬᠠᠨ ᠪᠠᠭ᠎ᠠ ᠠᠴᠠ ᠪᠠᠨ ᠪᠠᠶᠢᠭᠠᠯᠢ ᠶᠢ | ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠰᠠᠶᠢᠨ ᠳᠠᠳᠬᠠᠯ ᠲᠠᠢ ᠪᠣᠯᠵᠤ᠂ ᠰᠠᠶᠢᠲᠤᠷ ᠰᠤᠷᠤᠯᠴᠠᠵᠤ᠂ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠵᠤ᠂ ᠵᠤᠯᠵᠠᠭ᠎ᠠ ᠮᠣᠳᠣ ᠰᠢᠭ ᠢᠳᠡᠷᠡᠭᠦᠨ ᠢᠶᠠᠷ ᠦᠰᠦᠨ ᠪᠤᠶᠢᠵᠢᠭᠤᠯᠬᠤ ᠬᠡᠷᠡᠭᠲᠡᠢ | ᠭᠡᠵᠦ ᠵᠠᠬᠢᠪᠠ᠃ | | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠪᠠ᠃ | ᠮᠣᠳᠣ ᠲᠠᠷᠢᠬᠤ ᠵᠠᠪᠰᠠᠷ ᠲᠤ᠂ ᠮᠧᠩ ᠰᠢᠶᠠᠨ ᠳ᠋ᠦᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠵᠤᠯᠵᠠᠭ᠎ᠠ ᠮᠣᠳᠣᠨ ᠤ ᠲᠦᠷᠦᠯ ᠵᠦᠢᠯ ᠤᠨ ᠣᠨᠴᠠᠯᠢᠭ᠂ | ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠪᠣᠯᠤᠨ ᠡᠳᠦᠷ ᠲᠤᠳᠤᠮ ᠤᠨ ᠠᠷᠠᠴᠢᠯᠠᠯᠲᠠ ᠵᠡᠷᠭᠡ ᠪᠠᠶᠢᠳᠠᠯ ᠢ ᠯᠠᠪᠯᠠᠨ | ᠠᠰᠠᠭᠤᠵᠤ᠂ ᠪᠦᠬᠦ ᠬᠤᠳᠠ ᠶᠢᠨ ᠮᠣᠳᠣ ᠲᠠᠷᠢᠵᠤ ᠣᠶᠢᠵᠢᠭᠤᠯᠬᠤ ᠠᠬᠢᠴᠠ ᠶᠢ ᠣᠶᠢᠯᠠᠭᠠᠪᠠ᠃ ᠲᠡᠷᠡ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠲᠡᠷᠢᠭᠦᠨ ᠮᠥᠨ᠂ ᠲᠦᠩᠯᠢᠶᠣᠤ ᠨᠢ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠭᠤᠤᠯ ᠲᠡᠶᠢᠨ ᠤ | ᠲᠠᠯᠠᠪᠤᠷ ᠪᠣᠯᠤᠭᠰᠠᠨ ᠤ ᠬᠤᠪᠢ ᠳᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ | ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠣᠭᠤᠭᠠᠷᠠᠭᠤᠯᠤᠯᠲᠠ ᠶᠢ ᠥᠷᠭᠡᠳᠬᠡᠵᠦ | ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠨ︾ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠣᠶ ᠰᠢᠭᠤᠶ ᠶᠢᠨ ᠤᠰᠤᠨ ᠴᠥᠭᠦᠷᠥᠮ᠂ ᠵᠣᠭᠤᠰᠤᠨ ᠤ ᠬᠥᠮᠥᠷᠭᠡ᠂ ᠠᠮᠤ ᠪᠤᠳᠠᠭᠠᠨ ᠤ ᠬᠥᠮᠥᠷᠭᠡ᠂ | ᠨᠡᠭᠦᠷᠡᠰᠦᠲᠥ᠋ᠷᠥᠭᠴᠢ ᠶᠢᠨ ᠬᠥᠮᠥᠷᠭᠡ ︽ᠳᠥᠷᠪᠡᠨ ᠬᠥᠮᠥᠷᠭᠡ︾ ᠶᠢ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ | ︽ᠶᠠᠰᠤ ᠴᠢᠨᠠᠷ ᠢ ᠳᠡᠭᠡᠭᠰᠢᠯᠡᠭᠦᠯᠬᠦ︾᠂ ︽ᠦᠢᠯᠡᠰ ᠢᠶᠠᠨ ᠬᠥᠭᠵᠢᠭᠦᠯᠬᠦ︾᠂ ︽ᠠᠷᠠᠳ ᠲᠤ ᠠᠰᠢᠭᠲᠠᠶ ᠪᠠᠶᠢᠯᠭᠠᠬᠤ | ︾ ᠶᠢ ᠨᠠᠩ ᠴᠢᠬᠤᠯᠠᠴᠢᠯᠠᠵᠤ᠂ ᠨᠠᠩ ᠥᠨᠳᠥᠷ ᠪᠠᠷᠢᠮᠵᠢᠶ᠎ᠠ ᠨᠠᠩ ᠴᠢᠩᠭ᠎ᠠ ᠱᠠᠭᠠᠷᠳᠠᠯᠭ᠎ᠠ ᠪᠠᠷ ᠠᠮᠢ ᠠᠬᠤᠶ ᠶᠢᠨ | ᠰᠠᠭᠤᠷᠢ ᠥᠩᠭᠡ ᠶᠢ ᠨᠠᠩ ᠵᠤᠵᠠᠭᠠᠳᠬᠠᠬᠤ ᠬᠡᠷᠡᠭᠲᠡᠶ ᠭᠡᠵᠦ ᠬᠡᠯᠡᠪᠡ᠃ | | ᠠᠯᠪᠠᠨ ᠵᠢᠷᠤᠮ ᠤᠨ ᠮᠣᠳᠣ ᠲᠠᠷᠢᠬᠤ ᠠᠬᠤᠢ ᠲᠠᠯᠠᠪᠠᠢ | | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ | ᠵᠢᠴᠢ ᠲᠦᠩᠯᠢᠶᠣᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠳᠤᠷᠢᠳᠬᠤ ᠨᠥᠬᠦᠳ ᠣᠷᠣᠯᠴᠠᠪᠠ᠃ | | ᠠᠯᠪᠠᠨ ᠵᠢᠷᠤᠮ ᠤᠨ ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠬᠦᠷ ᠬᠥᠭᠵᠢᠶᠡᠨ ᠲᠠᠢ | ᠠᠵᠢᠯᠯᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠡᠨᠡ ᠵᠢᠯ ᠪᠥᠬᠦ ᠬᠤᠲᠠ ᠳᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ | 4 ᠰᠢᠨ᠎ᠡ ᠪᠠᠷ ᠪᠠᠶᠢᠭᠤᠯᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ 3 ᠥᠷᠭᠡᠳᠬᠡᠨ | ᠪᠠᠶᠢᠭᠤᠯᠵᠤ᠂ ᠣᠳᠣᠬᠠᠨ ᠳᠤ ᠨᠢᠭᠡᠨᠲᠡ 10 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ | ᠪᠡᠶᠡᠯᠡᠭᠦᠯᠪᠡ᠃ | |