ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ  ᠲᠦᠷᠭᠡᠨ ᠵᠠᠮ 5 ᠡᠳᠦᠷ ᠰᠦᠢᠳᠬᠡᠯ ᠬᠤᠷᠢᠶᠠᠬᠤ ᠦᠭᠡᠢ
ᠨᠡᠶᠢᠲᠡᠯᠡᠭᠰᠡᠨ ᠴᠠᠭ᠄
2025/4/25
    4 ᠰᠠᠷ᠎ᠠ ᠶᠢᠨ 24 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠨᠢ 5 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 5 ᠤ ᠡᠳᠦᠷ ᠪᠣᠯᠲᠠᠯ᠎ᠠ ᠨᠡᠶᠢᠲᠡ 5 ᠡᠳᠦᠷ᠂ 7 ᠰᠠᠭᠤᠳᠠᠯ ᠠᠴᠠ ᠳᠣᠷᠣᠭᠰᠢ ︵7 ᠰᠠᠭᠤᠳᠠᠯ ᠲᠠᠢ ᠶᠢ ᠪᠠᠭᠳᠠᠭᠠᠨ᠎ᠠ︶ ᠰᠠᠭᠤᠳᠠᠯ ᠲᠠᠢ ᠪᠠᠭ᠎ᠠ ᠬᠡᠯᠪᠡᠷᠢ ᠶᠢᠨ ᠠᠶᠠᠨᠴᠢᠨ ᠤ ᠮᠠᠰᠢᠨ ᠲᠡᠷᠭᠡ ᠶᠢ ᠰᠦᠢᠳᠬᠡᠯ ᠬᠤᠷᠢᠶᠠᠬᠤ ᠦᠭᠡᠶ ᠪᠠᠷ ᠨᠡᠪᠲᠡᠷᠡᠭᠦᠯᠬᠦ ᠴᠠᠭ ᠪᠣᠯ 5 ᠰᠠᠷ᠎ᠠ ᠶᠢᠨ 1 ᠤ ᠡᠳᠦᠷ ᠤᠨ 0 ᠴᠠᠭ ᠠᠴᠠ 5 ᠰᠠᠷ᠎ᠠ ᠶᠢᠨ 5 ᠤ ᠡᠳᠦᠷ ᠤᠨ 24 ᠴᠠᠭ ᠪᠤᠯᠳᠠᠯ᠎ᠠ᠃    ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠢᠱᠢᠯᠲᠡ ᠪᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠲᠦᠷᠭᠡᠨ ᠳᠠᠪᠬᠢᠬᠤ ᠵᠠᠰᠠᠮᠠᠯ ᠵᠠᠮ ᠶᠡᠷᠦᠩᠬᠡᠶ ᠳᠡᠭᠡᠨ ᠥᠨᠳᠥᠷ ᠲᠦᠪᠰᠢᠨ ᠢᠶᠠᠷ ᠠᠵᠢᠯᠯᠠᠬᠤ ᠪᠠᠶᠢᠳᠠᠯ ᠢ ᠪᠠᠲᠤᠯᠠᠨ᠎ᠠ᠃    ᠠᠮᠠᠷᠠᠯᠲᠠ ᠶᠢᠨ ᠡᠮᠦᠨᠡᠬᠢ ᠨᠢᠭᠡ ᠡᠳᠦᠷ ᠤᠨ 18 ᠴᠠᠭ ᠠᠴᠠ 20 ᠴᠠᠭ ᠪᠣᠯ ᠪᠠᠶᠠᠷ ᠤᠨ ᠡᠳᠦᠷ ᠤᠨ ᠡᠮᠦᠨᠡᠬᠢ ᠣᠷᠭᠢᠯ ᠤᠨ ᠴᠠᠭ ᠪᠣᠯᠤᠨ᠎ᠠ︔    ᠠᠮᠠᠷᠠᠯᠲᠠ ᠶᠢᠨ ᠠᠩᠬᠠᠨ ᠤ ᠡᠳᠦᠷ᠂ ᠮᠤᠵᠢ ᠠᠯᠤᠰᠯᠠᠨ ᠳᠤᠮᠳᠠ ᠬᠤᠯᠠ ᠠᠶᠠᠯᠠᠬᠤ ᠮᠠᠰᠢᠨ ᠲᠡᠷᠭᠡ ᠲᠥᠪᠯᠡᠷᠡᠵᠦ ᠂ 10 ᠴᠠᠭ ᠠᠴᠠ 12 ᠴᠠᠭ ᠪᠣᠯᠲᠠᠯ᠎ᠠ ᠬᠤᠲᠠ ᠠᠴᠠ ᠭᠠᠷᠬᠤ ᠲᠡᠷᠭᠡ ᠮᠠᠰᠢᠨ ᠲᠦᠭᠵᠢᠷᠡᠬᠦ ᠣᠷᠭᠢᠯ ᠤᠨ ᠬᠤᠭᠤᠴᠠᠭ᠎ᠠ ᠪᠣᠯᠤᠨ᠎ᠠ᠃    ᠠᠮᠠᠷᠠᠯᠲᠠ ᠶᠢᠨ ᠬᠤᠭᠤᠴᠠᠭᠠᠨ ᠤ ᠡᠴᠦᠰ ᠤᠨ ᠬᠤᠶᠠᠷ ᠡᠳᠦᠷ᠂ ᠪᠤᠴᠠᠬᠤ ᠠᠶᠠᠯᠠᠯ ᠤᠨ ᠣᠷᠭᠢᠯ ᠦᠶ᠎ᠡ ᠢᠯᠡᠷᠡᠵᠦ᠂ ᠬᠡᠰᠡᠭ ᠬᠤᠭᠤᠴᠠᠭᠠᠨ ᠤ ᠵᠠᠮ ᠲᠦᠭᠵᠢᠷᠡᠯ ᠳᠤᠪᠤᠶᠢᠵᠤ᠂ 16 ᠴᠠᠭ — 18 ᠴᠠᠭ ᠪᠣᠯᠲᠠᠯ᠎ᠠ ᠪᠤᠴᠠᠬᠤ ᠠᠶᠠᠯᠠᠯ ᠤᠨ ᠲᠦᠭᠵᠢᠷᠡᠯ ᠡᠭᠦᠰᠬᠦ ᠪᠣᠯᠤᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号