ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠠ ᠪᠥᠬᠦ | ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠬᠡᠷᠡᠭᠯᠡᠭᠡᠨ ᠤ ᠳᠠᠯᠳᠠ ᠬᠦᠴᠦᠨ ᠢ ᠪᠦᠲᠦᠮᠵᠢᠲᠡᠶ ᠬᠥᠭᠵᠢᠭᠡᠨ᠂ ᠨᠡᠶᠢᠭᠡᠮ ᠤᠨ | ᠶᠡᠷᠦᠩᠬᠡᠶ ᠲᠤᠭ᠎ᠠ ᠶᠢᠨ ᠨᠡᠮᠡᠭᠳᠡᠯ ᠢ ᠬᠦᠴᠦᠲᠡᠶ ᠠᠬᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠢᠯ ᠲᠥᠷᠥᠯ ᠪᠠ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ | ᠰᠣᠯᠢᠬᠤ︾ ᠠᠵᠤ ᠠᠬᠤᠶᠢᠯᠠᠯ ᠤᠨ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠵᠢᠯ ᠤᠨ ᠳᠣᠲᠣᠷ᠎ᠠ ︽5.1︾ ᠤ ᠬᠥᠳᠡᠯᠮᠦᠷᠢᠴᠢᠳ ᠤᠨ ᠪᠠᠶᠠᠷ ᠤᠨ ᠡᠳᠦᠷ᠂ ︽ | ᠠᠷᠪᠠᠨ ᠨᠢᠭᠡ︾ ᠶᠢᠨ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ | ᠡᠯᠧᠺᠳ᠋ᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ | ᠨᠢᠭᠡ᠂ ᠠᠵᠢᠯᠯᠠᠭ᠎ᠠ ᠶᠢᠨ ᠭᠤᠤᠯ ᠰᠡᠳᠦᠪ | 2025 ᠣᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠠᠷᠠᠳ ᠲᠤ ᠠᠰᠢᠭ ᠬᠦᠷᠲᠡᠭᠡᠬᠦ᠂ | ᠠᠵᠤ ᠠᠬᠤᠶᠢᠯᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ︾ ᠡᠯᠧᠺᠲᠷᠣᠨ ᠬᠡᠷᠡᠭᠯᠡᠭᠡᠨ ᠤ ᠲᠡᠮᠳᠡᠭᠲᠦ | ᠲᠠᠷᠬᠠᠭᠠᠬᠤ ᠠᠵᠢᠯᠯᠠᠭ᠎ᠠ᠃ | ᠬᠤᠶᠠᠷ᠂ ᠠᠵᠢᠯᠯᠠᠭ᠎ᠠ ᠶᠢᠨ ᠴᠠᠭ | 2025 ᠣᠨ ᠤ 5 ᠰᠠᠷ᠎ᠠ ᠶᠢᠨ 1 ᠤ ᠡᠳᠦᠷ — 6 ᠰᠠᠷ᠎ᠠ ᠶᠢᠨ 30 ᠤ ᠡᠳᠦᠷ ᠬᠦᠷᠳᠡᠯ᠎ᠡ ᠪᠠ 2025 | ᠣᠨ ᠤ 10 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 30 ᠤ ᠡᠳᠦᠷ ᠬᠦᠷᠳᠡᠯ᠎ᠡ᠃ ᠡᠭᠦᠨ ᠳᠤ ᠡᠯᠧᠺᠲᠷᠣᠨ | ᠬᠡᠷᠡᠭᠯᠡᠭᠡᠨ ᠤ ᠲᠡᠮᠳᠡᠭᠲᠦ ᠶᠢ ᠠᠩᠬ᠎ᠠ ᠤᠳᠠᠭ᠎ᠠ ᠲᠠᠷᠬᠠᠭᠠᠬᠤ ᠶᠠᠪᠤᠴᠠ ᠳᠤ ᠬᠡᠷᠡᠭᠯᠡᠭᠡᠨ ᠤ ᠵᠦᠢᠯᠡᠰ ᠢ ︽ | ᠬᠠᠭᠤᠴᠢᠨ ᠢᠶᠠᠷ ᠰᠢᠨ᠎ᠡ ᠶᠢ ᠰᠣᠯᠢᠬᠤ︾ ᠲᠠᠢ ᠬᠤᠯᠪᠤᠭᠳᠠᠭᠤᠯᠵᠤ᠂ ᠡᠬᠢᠯᠡᠬᠦ ᠴᠠᠭ ᠨᠢ 2025 ᠣᠨ ᠤ 5 ᠳ᠋ᠤᠭᠠᠷ | ᠰᠠᠷ᠎ᠠ ᠶᠢᠨ 15 ᠤ ᠡᠳᠦᠷ᠂ 2025 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠨ᠎ᠠ᠃ | ᠭᠤᠷᠪᠠ᠂ ᠠᠵᠢᠯᠯᠠᠭ᠎ᠠ ᠳᠤ ᠣᠷᠣᠯᠴᠠᠬᠤ ᠬᠡᠪᠴᠢᠶ᠎ᠡ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠣᠰ ᠭᠠᠵᠠᠷ ᠤᠨ ᠰᠠᠭᠤᠭᠠᠯᠢ ᠠᠷᠠᠳ ᠵᠢᠴᠢ ᠲᠤᠬᠠᠶ ᠶᠢᠨ | ᠭᠠᠵᠠᠷ ᠢᠶᠠᠷ ᠦᠩᠭᠡᠷᠡᠬᠦ ᠵᠢᠭᠤᠯᠴᠢᠯᠠᠭᠴᠢᠳ ᠴᠥᠮ ᠣᠷᠣᠯᠴᠠᠵᠤ ᠪᠣᠯᠤᠨ᠎ᠠ᠃ ᠣᠷᠣᠯᠴᠠᠬᠤ ᠠᠴᠠ ᠡᠮᠦᠨ᠎ᠡ ᠡᠭᠦᠯᠡᠨ | ᠪᠤᠳᠤᠯᠲᠠ ᠶᠢᠨ APP ᠶᠢ ᠪᠠᠭᠤᠯᠭᠠᠬᠤ᠂ ᠳᠠᠩᠰᠠᠯᠠᠬᠤ᠂ ᠪᠠᠩᠭᠢ ᠶᠢᠨ ᠺᠠᠷᠲ ᠲᠠᠢ ᠪᠠᠨ ᠬᠤᠯᠪᠤᠬᠤ ᠵᠡᠷᠭᠡ ᠶᠢ | ᠬᠦᠢᠴᠡᠳᠭᠡᠬᠦ ᠬᠡᠷᠡᠭᠲᠡᠶ᠃ ᠠᠵᠢᠯᠯᠠᠭ᠎ᠠ ᠳᠤ ᠣᠷᠣᠯᠴᠠᠬᠤ ᠦᠶ᠎ᠡ ᠳᠤ᠂ ᠬᠡᠷᠡᠭᠯᠡᠭᠴᠢᠳ ᠡᠷᠬᠡᠪᠰᠢ ᠡᠭᠦᠯᠡᠨ | ᠪᠤᠳᠤᠯᠲᠠ ᠶᠢᠨ APP ᠶᠢ ᠬᠠᠮᠤᠭ ᠰᠢᠨ᠎ᠡ ᠬᠡᠪᠯᠡᠯ ᠳᠤ ᠰᠢᠨᠡᠳᠬᠡᠬᠦ ᠬᠡᠷᠡᠭᠲᠡᠶ ᠪᠥᠭᠡᠳ ᠭᠠᠷ ᠤᠲᠠᠰᠤᠨ ᠤ ᠪᠠᠶᠢᠷᠢ | ᠲᠣᠭᠲᠠᠭᠠᠬᠤ ᠴᠢᠳᠠᠮᠵᠢ ᠶᠢ ᠨᠡᠭᠡᠭᠡᠵᠦ ᠡᠭᠦᠯᠡᠨ ᠪᠤᠳᠤᠯᠲᠠ ᠶᠢᠨ APP ᠤᠷᠤᠨ ᠪᠠᠶᠢᠷᠢ ᠶᠢᠨ ᠮᠡᠳᠡᠭᠡ ᠤᠯᠬᠤ ᠶᠢ | ᠵᠥᠪᠰᠢᠶᠡᠷᠡᠬᠦ ᠬᠡᠷᠡᠭᠲᠡᠶ᠃ | ᠳᠥᠷᠪᠡ᠂ ᠬᠡᠷᠡᠭᠯᠡᠭᠡᠨ ᠤ ᠲᠡᠮᠳᠡᠭᠲᠦ ᠶᠢᠨ ᠬᠡᠷᠡᠭᠯᠡᠭᠡᠨ ᠤ ᠬᠡᠪᠴᠢᠶ᠎ᠡ ᠵᠢᠴᠢ ᠨᠥᠬᠦᠴᠡᠯ | ᠲᠣᠰ ᠤᠳᠠᠭᠠᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠣᠷᠣᠯᠴᠠᠬᠤ ᠵᠠᠬ᠎ᠠ ᠳᠡᠯᠭᠡᠭᠦᠷ ᠤᠨ ᠭᠤᠤᠯ | ᠴᠣᠭᠴᠠ ᠪᠣᠯ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ | ᠵᠢᠵᠢᠭᠯᠡᠨ ᠬᠤᠳᠠᠯᠳᠤᠬᠤ᠂ ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠲᠣᠰᠣ ᠨᠡᠮᠡᠬᠦ ᠥᠷᠲᠡᠭᠡ᠂ ᠬᠡᠯᠬᠢᠶᠡᠲᠦ | ᠡᠮ ᠤᠨ ᠳᠡᠯᠭᠡᠭᠦᠷ ᠵᠡᠷᠭᠡ ᠵᠢᠴᠢ ᠬᠡᠷ ᠤᠨ ᠴᠠᠬᠢᠯᠭᠠᠨ ᠬᠡᠷᠡᠭᠰᠡᠯ᠂ ᠲᠣᠭᠤᠭᠠᠨ ᠬᠡᠷ ᠠᠷᠢᠭᠤᠨ ᠴᠡᠪᠡᠷ ᠤᠨ ᠲᠠᠰᠤᠯᠭ᠎ᠠ | ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠮᠠᠰᠢᠨ ᠲᠡᠷᠭᠡ ᠰᠣᠯᠢᠵᠤ ᠰᠢᠨᠡᠳᠬᠡᠬᠦ ᠵᠡᠷᠭᠡ ᠳᠥᠷᠪᠡᠨ | ᠲᠥᠷᠥᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠤᠯᠤᠰ ᠠᠴᠠ ᠨᠥᠬᠦᠪᠥᠷᠢᠯᠡᠬᠦ ᠠᠵᠢᠯᠯᠠᠭ᠎ᠠ ᠳᠤ | ᠣᠷᠣᠯᠴᠠᠭᠰᠠᠨ ᠠᠵᠤ ᠠᠬᠤᠶᠢᠯᠠᠯ ᠨᠡᠶᠢᠳᠡ 79 ᠪᠠᠶᠢᠵᠤ᠂ ᠡᠭᠦᠨ ᠳᠤ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ | ᠳᠡᠯᠭᠡᠭᠦᠷ ᠤᠨ ᠠᠵᠢᠯ ᠲᠥᠷᠥᠯ 9᠂ ᠵᠢᠵᠢᠭᠯᠡᠨ ᠬᠤᠳᠠᠯᠳᠤᠬᠤ᠂ ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠲᠣᠰᠣ | ᠨᠡᠮᠡᠬᠦ ᠥᠷᠲᠡᠭᠡ ᠶᠢᠨ ᠠᠵᠢᠯ ᠲᠥᠷᠥᠯ ᠵᠡᠷᠭᠡ 26᠂ ᠡᠮ ᠡᠮᠨᠡᠯᠭᠡ ᠶᠢᠨ ᠠᠵᠢᠯ ᠲᠥᠷᠥᠯ 37᠂ ᠬᠡᠷᠡᠭᠯᠡᠭᠡᠨ ᠤ | ᠵᠦᠢᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠤ ᠠᠬᠤᠶᠢᠯᠠᠯ 7 ᠪᠣᠶ᠃ | ᠲᠠᠪᠤ᠂ ᠪᠡᠯᠡ ᠮᠥᠩᠭᠦ ᠶᠢᠨ ᠶᠡᠷᠦᠩᠬᠡᠢ ᠲᠤᠭ᠎ᠠ | ᠨᠡᠶᠢᠳᠡ143.7 ᠲᠦᠮᠡᠨ ᠲᠥᠭᠦᠷᠢᠭ ᠪᠠᠶᠢᠵᠤ᠂ ᠡᠭᠦᠨ ᠳᠤ ᠠᠩᠬ᠎ᠠ ᠤᠳᠠᠭ᠎ᠠ 93.7 ᠲᠦᠮᠡᠨ ᠲᠥᠭᠦᠷᠢᠭ | ᠲᠠᠷᠬᠠᠭᠠᠵᠤ᠂ ᠬᠤᠶᠠᠳᠠᠬᠢ ᠤᠳᠠᠭ᠎ᠠ 50 ᠲᠦᠮᠡᠨ ᠲᠥᠭᠦᠷᠢᠭ ᠲᠠᠷᠬᠠᠭᠠᠨ᠎ᠠ᠃ | ᠵᠢᠷᠭᠤᠭ᠎ᠠ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ | ᠨᠡᠶᠢᠲᠡ 10 ᠵᠦᠢᠯ ᠤᠨ ᠬᠡᠷᠡᠭᠯᠡᠭᠡᠨ ᠤ ᠲᠡᠮᠳᠡᠭᠲᠦ ᠲᠣᠬᠢᠷᠠᠭᠤᠯᠵᠤ᠂ ᠬᠤᠶᠠᠷ ᠬᠤᠭᠤᠴᠠᠭ᠎ᠠ ᠬᠤᠪᠢᠶᠠᠨ | ᠲᠠᠷᠬᠠᠭᠠᠨ᠎ᠠ᠂ 100 ᠲᠦᠮᠡᠨ ᠲᠥᠭᠦᠷᠢᠭ ᠢ ᠬᠤᠶᠠᠷ ᠬᠤᠭᠤᠴᠠᠭ᠎ᠠ ᠬᠤᠪᠢᠶᠠᠨ ᠲᠠᠷᠬᠠᠭᠠᠵᠤ᠂ ᠬᠤᠭᠤᠴᠠᠭ᠎ᠠ ᠪᠦᠷᠢ | ᠲᠠᠷᠬᠠᠭᠠᠬᠤ ᠶᠡᠷᠦᠩᠬᠡᠶ ᠲᠡᠮᠳᠡᠭᠲᠦ ᠶᠢᠨ ᠲᠤᠭ᠎ᠠ ᠶᠢ 1/2 ᠪᠠᠶᠢᠯᠭᠠᠵᠤ᠂ ᠲᠤᠬᠠᠶᠢᠯᠠᠪᠠᠯ 50 ᠲᠦᠮᠡᠨ ᠲᠥᠭᠦᠷᠢᠭ | ᠲᠠᠷᠬᠠᠭᠠᠨ᠂ ᠠᠵᠢᠯᠯᠠᠭ᠎ᠠ ᠳᠤᠮᠳᠠ ᠪᠣᠳᠠᠲᠠᠶ ᠪᠤᠷᠤᠯᠠᠭᠤᠯᠬᠤ ᠠᠬᠢᠴᠠ ᠶᠢ ᠦᠨᠳᠦᠰᠦᠯᠡᠨ᠂ ᠡᠯ᠎ᠡ ᠲᠥᠷᠥᠯ ᠤᠨ | ᠬᠡᠷᠡᠭᠯᠡᠭᠡᠨ ᠤ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠵᠤ ᠪᠣᠯᠤᠨ᠎ᠠ᠃ | | |