ᠴᠢᠦ ᠵᠢᠶᠦ᠋ᠨ ᠰᠤᠮᠤ ᠪᠠᠯᠭᠠᠰᠤᠨ ᠳᠤ ᠬᠦᠷᠴᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/4/7
    4 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠱᠤᠸᠠᠩ ᠱᠧᠩ ᠪᠠᠯᠭᠠᠰᠤ᠂ ᠶᠢᠨ ᠪᠦᠦ ᠳᠦᠨ ᠪᠠᠯᠭᠠᠰᠤ᠂ ᠬᠠᠯᠢᠭᠤᠲᠤ ᠪᠠᠯᠭᠠᠰᠤ ᠵᠡᠷᠭᠡ ᠭᠠᠵᠠᠷ ᠲᠤ ᠭᠦᠨᠵᠡᠭᠡᠶᠢᠷᠡᠨ᠂ ᠭᠤᠤᠯ ᠤᠨ ᠳᠠᠷᠤᠭ᠎ᠠ ᠶᠢᠨ ᠭᠤᠤᠯ ᠴᠠᠭᠳᠠᠨ ᠪᠠᠶᠢᠴᠠᠭᠠᠬᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠤᠰᠤᠨ ᠤ ᠠᠮᠢ ᠠᠬᠤᠶ ᠶᠢ ᠵᠠᠰᠠᠬᠤ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠯᠤᠨ ᠬᠠᠮᠢᠶ᠎ᠠ ᠪᠥᠬᠦᠶ ᠰᠤᠮᠤ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃    ᠱᠤᠸᠠᠩ ᠱᠧᠩ ᠪᠠᠯᠭᠠᠰᠤᠨ ᠳᠤ᠂ ᠴᠢᠦ ᠵᠢᠶᠦ᠋ᠨ ᠵᠡᠭᠦᠨ ᠪᠠᠷᠠᠭᠤᠨ ᠯᠢᠶᠣᠤ ᠾᠧ ᠭᠤᠣᠯ ᠳᠤ ᠭᠤᠣᠯ ᠴᠠᠭᠳᠠᠬᠤ ᠠᠵᠢᠯ ᠥᠷᠨᠢᠭᠦᠯᠵᠦ᠂ ᠡᠷᠭᠢ ᠲᠠᠭᠠᠤ ᠶᠢᠨ ᠬᠠᠮᠢᠶᠠᠷᠤᠯᠲᠠ ᠬᠠᠮᠠᠭᠠᠯᠠᠯᠲᠠ᠂ ᠠᠶᠤᠯᠲᠠᠢ ᠪᠠᠷᠢᠯᠭ᠎ᠠ ᠶᠢᠨ ᠬᠡᠰᠡᠭ᠂ ᠭᠤᠣᠯ ᠤᠨ ᠬᠤᠩᠬᠢᠯ ᠳᠤ ᠲᠠᠷᠢᠶ᠎ᠠ ᠲᠠᠷᠢᠬᠤ ᠶᠢ ᠴᠠᠭᠠᠵᠠᠯᠠᠬᠤ᠂ ᠤᠯᠤᠰ ᠤᠨ ᠭᠠᠵᠠᠷ ᠤᠨ ᠭᠠᠳᠠᠷᠭᠤ ᠤᠰᠤ ᠶᠢ ᠰᠢᠯᠭᠠᠵᠤ ᠬᠢᠨᠡᠨ ᠬᠡᠮᠵᠢᠬᠦ ᠬᠡᠰᠡᠭ ᠤᠨ ᠣᠷᠴᠢᠨ ᠲᠣᠭᠤᠷᠢᠨ ᠤ ᠵᠠᠰᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠪᠠ ᠤᠰᠤᠨ ᠤ ᠠᠮᠢ ᠠᠬᠤᠢ ᠶᠢᠨ ᠵᠠᠰᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃    ᠲᠡᠷᠡ ᠴᠢᠬᠤᠯᠠᠴᠢᠯᠠᠭᠰᠠᠨ ᠨᠢ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯ ᠮᠥᠷᠡᠨ ᠢ ᠰᠠᠬᠢᠬᠤ ᠬᠠᠷᠢᠭᠤᠴᠠᠯᠭ᠎ᠠ ᠬᠠᠷᠢᠭᠤᠴᠠᠬᠤ᠂  ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠪᠡᠶᠡᠯᠡᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠭᠤᠣᠯ ᠮᠥᠷᠡᠨ ᠤ ᠡᠷᠭᠢ ᠲᠠᠭᠠᠤ ᠶᠢ ᠰᠡᠷᠭᠡᠶᠢᠯᠡᠨ ᠬᠠᠮᠠᠭᠠᠯᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠬᠤ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠤ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃     ᠶᠢᠨ ᠪᠦᠦ ᠲᠦᠨ ᠪᠣᠯᠤᠨ ᠬᠠᠯᠢᠭᠤᠲᠤ ᠪᠠᠯᠭᠠᠰᠤᠨ ᠳᠤ᠂ ᠴᠢᠦ ᠵᠢᠶᠦ᠋ᠨ ᠵᠤᠷᠬ᠎ᠠ ᠭᠠᠴᠠᠭ᠎ᠠ ᠶᠢᠨ ᠤᠰᠤᠲᠤᠯ ᠢ ᠵᠠᠯᠠᠬᠤ᠂ ᠲᠥᠪᠬᠢᠨᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠪᠣᠯᠤᠨ ᠶᠡᠬᠡᠳᠠᠯ᠎ᠠ ᠠᠴᠠ ᠯᠢᠶᠥᠥ ᠾᠧ ᠭᠤᠤᠯ ᠬᠦᠷᠬᠦ ᠤᠰᠤ ᠵᠠᠯᠠᠬᠤ ᠭᠤᠣᠯ ᠰᠤᠪᠠᠭ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠢᠨ ᠠᠬᠢᠴᠠ ᠪᠠᠨ ᠦᠷᠭᠦᠯᠵᠢᠯᠡᠨ ᠲᠦᠷᠭᠡᠳᠬᠡᠵᠦ᠂ ᠣᠳᠣᠬᠠᠨ ᠤ ᠪᠠᠷᠢᠯᠭ᠎ᠠ ᠶᠢᠨ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠬᠥᠮᠦᠰ ᠤᠨ ᠬᠦᠴᠦᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠡᠯ᠎ᠡ ᠵᠦᠢᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠠᠬᠢᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号