4 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ | ᠰᠤᠷᠪᠤᠯᠵᠢᠯᠠᠬᠤ ᠪᠠᠷ ᠢᠷᠡᠭᠰᠡᠨ ᠳᠤᠮᠳᠠᠳᠤ ᠤᠯᠤᠰ ᠤᠨ ᠲᠣᠭᠠᠴᠢᠯᠠᠭᠰᠠᠨ ᠬᠥᠳᠡᠭᠡ ᠲᠣᠰᠬᠤᠨ ᠤ ᠬᠠᠮᠵᠢᠯᠴᠠᠨ | ᠰᠢᠨ᠎ᠡ ᠶᠢ ᠡᠭᠦᠳᠬᠦ ᠲᠠᠪᠴᠠᠩ ᠤᠨ ᠨᠠᠷᠢᠨ ᠪᠢᠴᠢᠭ ᠤᠨ ᠳᠠᠷᠤᠭ᠎ᠠ ᠵᠠᠩ ᠷᠦᠩ ᠴᠦᠨ᠂ ᠳᠤᠮᠳᠠᠳᠤ ᠤᠯᠤᠰ ᠤᠨ | ᠤᠰᠤᠨ ᠭᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠴᠡᠩᠭᠡᠭ ᠤᠰᠤᠨ ᠤ ᠵᠢᠭᠠᠰᠤᠨ | ᠠᠵᠤ ᠠᠬᠤᠶ ᠶᠢᠨ ᠰᠤᠳᠤᠯᠭᠠᠨ ᠤ ᠲᠥᠪ ᠤᠨ ᠬᠠᠪᠴᠢᠳᠤ ᠰᠠᠮ ᠬᠤᠷᠣᠬᠠᠶ ᠶᠢᠨ ᠲᠦᠷᠦᠭᠦᠦ ᠰᠠᠭᠤᠳᠠᠯ ᠤᠨ | ᠲᠤᠰᠬᠠᠶ ᠮᠡᠷᠭᠡᠵᠢᠯᠲᠡᠨ ᠰᠢᠤᠢ ᠬᠤᠩ ᠵᠢᠶᠧ ᠨᠠᠷ ᠲᠤ ᠪᠠᠷ᠎ᠠ ᠪᠤᠯᠵᠤ᠂ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ | ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ | ᠬᠤᠷᠠᠯ ᠬᠤᠷᠠᠯᠳᠤᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠪᠠ ᠲᠠᠷᠢᠶᠠᠯᠠᠩ ᠬᠥᠳᠡᠭᠡ ᠲᠣᠰᠬᠤᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠠᠪᠴᠢᠳᠤ ᠰᠠᠮ | ᠬᠤᠷᠣᠬᠠᠶ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠬᠢᠬᠦ ᠵᠡᠷᠭᠡ ᠶᠠᠪᠤᠳᠠᠯ ᠤᠨ | ᠲᠣᠭᠤᠷᠢᠨ ᠳᠤ ᠭᠤᠤᠯᠳᠠᠯᠭ᠎ᠠ ᠲᠠᠢ ᠭᠦᠨᠵᠡᠭᠡᠶ ᠵᠥᠪᠳᠡᠯᠴᠡᠪᠠ᠃ ᠬᠤᠰᠢᠭᠤᠨ ᠤ ᠤᠳᠤᠷᠢᠳᠤᠯᠭ᠎ᠠ ᠴᠢᠦ ᠵᠢᠶᠦ᠋ᠨ᠂ | ᠸᠧᠨ ᠮᠢᠩ᠂ ᠸᠠᠩ ᠶᠢᠨ ᠴᠢᠶᠠᠩ ᠵᠢᠴᠢ ᠬᠠᠮᠢᠶ᠎ᠠ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠣᠷᠣᠯᠴᠠᠵᠠᠶ᠃ | ᠭᠦᠸᠧ ᠲᠢᠶᠠᠨ ᠪᠦᠦ ᠵᠢᠭᠠᠵᠤ ᠭᠠᠷᠭᠠᠭᠰᠠᠨ ᠨᠢ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠢ ᠰᠠᠶᠢᠲᠤᠷ | ᠲᠥᠰᠦᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠬᠡᠬᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯᠲᠡᠨ ᠤ | ᠲᠤᠰᠬᠠᠶ ᠮᠡᠷᠭᠡᠵᠢᠯ ᠤᠨ ᠣᠶᠤᠨ ᠤᠬᠠᠭᠠᠨ ᠪᠠ ᠬᠤᠰᠢᠭᠤᠷᠠᠯ ᠬᠠᠷᠠᠭ᠎ᠠ ᠶᠢ ᠠᠰᠢᠭᠯᠠᠨ᠂ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠪᠠ ᠲᠥᠷᠥᠯ ᠵᠦᠢᠯ ᠢ ᠲᠥᠰᠦᠪᠯᠡᠬᠦ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ | ᠵᠦᠢᠯ ᠤᠨ ᠪᠣᠯᠤᠮᠵᠢᠲᠤ ᠰᠤᠳᠤᠯᠭᠠᠨ ᠪᠠ ᠬᠥᠭᠵᠢᠯᠲᠡ ᠶᠢᠨ ᠠᠷᠭ᠎ᠠ ᠵᠠᠮ ᠤᠨ ᠲᠥᠯᠥᠪᠵᠢᠭᠦᠯᠭᠡ ᠶᠢ ᠭᠦᠨᠵᠡᠭᠡᠶ | ᠥᠷᠨᠢᠭᠦᠯᠵᠦ᠂ ᠲᠥᠷᠥᠯ ᠵᠦᠢᠯ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ | ᠢᠷᠡᠭᠡᠳᠦᠶ ᠶᠢᠨ ᠬᠠᠨᠳᠤᠰᠢ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠱᠠᠲᠤᠨ ᠤ ᠠᠵᠢᠯ | ᠲᠥᠷᠥᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠬᠥᠳᠡᠯᠦᠩᠭᠦᠶ ᠪᠠᠶᠢᠳᠠᠯ ᠪᠠ ᠲᠥᠷᠥᠯ ᠵᠦᠢᠯ ᠢ ᠮᠡᠳᠡᠭᠦᠯᠬᠦ ᠱᠠᠭᠠᠷᠳᠠᠯᠭ᠎ᠠ ᠶᠢ ᠴᠠᠭ ᠲᠤᠬᠠᠶ ᠳᠤᠨᠢ | ᠡᠵᠡᠮᠰᠢᠵᠦ᠂ ᠮᠡᠳᠡᠭᠦᠯᠬᠦ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ ᠵᠦᠢᠯ ᠢ ᠲᠡᠷᠡ ᠳᠠᠷᠤᠶ ᠳᠤᠨᠢ | ᠬᠢᠨᠠᠨ ᠵᠥᠪᠰᠢᠶᠡᠷᠡᠬᠦ ᠵᠠᠮ ᠳᠤ ᠣᠷᠣᠭᠤᠯᠬᠤ ᠶᠢ ᠪᠠᠲᠤᠯᠠᠵᠤ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ | ᠬᠤᠶᠢᠲᠤ ᠬᠤᠰᠢᠭᠤᠨ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃ | ᠭᠦᠸᠧ ᠲᠢᠶᠠᠨ ᠪᠦᠦ ᠬᠡᠯᠡᠬᠦ ᠳᠡᠭᠡᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ | ᠴᠣᠭᠴᠠ ᠶᠢᠨ ᠲᠠᠯᠠᠪᠠᠶ ᠶᠡᠭᠡ᠂ ᠤᠰᠤᠨ ᠤ ᠣᠷᠴᠢᠨ ᠠᠬᠤᠶ ᠶᠢᠨ ᠶᠠᠰᠤ ᠴᠢᠨᠠᠷ ᠰᠠᠶᠢᠨ᠂ ᠬᠠᠪᠴᠢᠳᠤ ᠰᠠᠮ | ᠬᠤᠷᠤᠬᠠᠢ ᠲᠡᠵᠢᠭᠡᠬᠦ ᠪᠠᠶᠢᠭᠠᠯᠢ ᠶᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠬᠤᠯᠪᠣᠭᠳᠠᠯ ᠪᠥᠬᠦᠶ ᠰᠤᠮᠤ | ᠪᠠᠯᠭᠠᠰᠤ ᠪᠣᠯᠤᠨ ᠰᠠᠯᠠᠭ᠎ᠠ ᠮᠥᠴᠢᠷ ᠤᠳ ︽ᠲᠦᠷᠭᠡᠨ︾᠂ ︽ᠡᠷᠲᠡ︾᠂ ︽ᠰᠠᠶᠢᠨ︾ ᠪᠠᠶᠢᠬᠤ ᠵᠠᠩᠭᠢᠯᠠᠭ᠎ᠠ ᠶᠢ | ᠡᠵᠡᠮᠳᠡᠵᠦ᠂ ᠲᠥᠷᠣ᠋ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠱᠠᠯᠠᠪᠳᠠᠨ ᠡᠬᠢᠯᠡᠭᠦᠯᠵᠦ᠂ | ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ︽ | ᠲᠤᠷᠰᠢᠯᠲᠠ ᠶᠢ ᠤᠷᠢᠳᠠᠪᠠᠷ ᠬᠡᠷᠡᠭᠵᠢᠭᠦᠯᠬᠦ︾ ᠶᠢ ᠪᠠᠷᠢᠮᠲᠠᠯᠠᠵᠤ᠂ ᠬᠦᠰᠡᠯ ᠡᠷᠡᠮᠡᠯᠵᠡᠯ ᠲᠠᠢ᠂ ᠲᠤᠷᠰᠢᠯᠭ᠎ᠠ ᠲᠠᠢ | ᠲᠠᠷᠢᠶᠠᠴᠢᠨ ᠡᠷᠦᠬᠡ ᠶᠢ ᠰᠣᠩᠭᠤᠨ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢᠶᠠᠷ ᠳᠠᠮᠵᠢᠭᠤᠯᠤᠨ᠂ ᠨᠠᠩ ᠣᠯᠠᠨ ᠲᠠᠷᠢᠶᠠᠴᠢᠨ ᠡᠷᠦᠬᠡ ᠶᠢᠨ ᠣᠷᠣᠯᠴᠠᠬᠤ ᠢᠳᠡᠪᠬᠢᠵᠢᠯ ᠢ ᠬᠥᠭᠵᠢᠭᠡᠵᠦ᠂ | ᠠᠵᠤ ᠦᠢᠯᠡᠰ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠶ᠃ ᠠᠵᠤ ᠦᠢᠯᠡᠰ ᠤᠨ | ᠠᠭᠤᠰᠤᠯᠴᠠᠯ ᠢ ᠴᠢᠬᠤᠯᠠᠴᠢᠯᠠᠵᠤ᠂ ᠬᠠᠪᠴᠢᠳᠤ ᠰᠠᠮ ᠬᠤᠷᠣᠬᠠᠶ ᠲᠡᠵᠢᠭᠡᠨ ᠦᠷᠡᠵᠢᠭᠦᠯᠬᠦ ᠶᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠠᠢ | ᠭᠦᠨᠵᠡᠭᠡᠶ ᠤᠶᠠᠯᠳᠤᠭᠤᠯᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠤᠯᠤᠰ ᠤᠨ | ᠲᠠᠰ ᠤᠨ ᠬᠠᠪᠴᠢᠳᠤ ᠰᠠᠮ ᠬᠤᠷᠣᠬᠠᠶ ᠶᠢᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠬᠦᠴᠦᠯᠡᠨ | ᠪᠠᠶᠢᠭᠤᠯᠬᠤ ᠬᠡᠷᠡᠭᠲᠡᠶ ᠭᠡᠵᠡᠢ᠃ | ᠰᠤᠷᠪᠤᠯᠵᠢᠯᠠᠷ᠎ᠠ ᠢᠷᠡᠭᠰᠡᠨ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠲᠤᠰᠬᠠᠶ ᠮᠡᠷᠭᠡᠵᠢᠯ ᠤᠨ ᠮᠡᠳᠡᠯᠭᠡ | ᠪᠠ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢ ᠪᠠᠳᠠᠷᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠢᠯ ᠢ ᠲᠥᠰᠦᠪᠯᠡᠨ ᠮᠡᠳᠡᠭᠦᠯᠬᠦ ᠠᠵᠢᠯ ᠢ | ᠬᠠᠪᠰᠤᠷᠤᠨ ᠰᠠᠶᠢᠲᠤᠷ ᠬᠢᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃ | |