ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 7500 ᠲᠦᠮᠡᠨ ᠲᠥᠭᠦᠷᠢᠭ᠂ ᠡᠭᠦᠨ ᠳᠤ ᠲᠥᠪ ᠤᠨ | ᠲᠤᠰᠬᠠᠶ ᠵᠦᠢᠯ ᠤᠨ ᠪᠡᠯᠡ ᠮᠥᠩᠭᠦ 6000 ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ | ᠪᠡᠯᠡ ᠮᠥᠩᠭᠦ 1500 ᠲᠦᠮᠡᠨ ᠲᠥᠭᠦᠷᠢᠭ ᠪᠠᠶᠢᠨ᠎ᠠ᠃ ᠳᠠᠯᠠᠪᠠᠢ ᠨᠢ 20320 ᠳᠡᠭᠰᠢ ᠲᠦᠷᠪᠡᠯᠵᠢᠨ ᠮᠧᠳ᠋ᠷ᠂ | ᠪᠠᠷᠢᠯᠭ᠎ᠠ ᠶᠢᠨ ᠳᠠᠯᠠᠪᠠᠢ ᠨᠢ 2 250 ᠳᠡᠭᠰᠢ ᠲᠦᠷᠪᠡᠯᠵᠢᠨ ᠮᠧᠳ᠋ᠷ᠂ ᠲᠥᠯᠥᠪᠯᠡᠭᠰᠡᠨ ᠤᠷᠤ ᠨᠢ 500 ᠪᠤᠢ᠃ | ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠶᠡᠷᠦᠩᠬᠡᠶᠢᠯᠡᠭᠰᠡᠨ ᠠᠰᠠᠷ 1 ᠰᠠᠭᠤᠷᠢ᠂ ᠠᠰᠠᠷᠠᠨ ᠬᠠᠮᠠᠭᠠᠯᠠᠬᠤ ᠠᠰᠠᠷ | 6 ᠰᠠᠭᠤᠷᠢ ᠪᠠᠶᠢᠳᠠᠭ︔ ᠳᠣᠲᠣᠭᠠᠳᠤ ᠳᠤ ᠪᠠᠨ ᠡᠮᠴᠢ ᠶᠢᠨ ᠠᠯᠪᠠᠨ ᠬᠡᠷ 9 ᠲᠠᠰᠤᠯᠭ᠎ᠠ᠂ ᠰᠤᠪᠢᠯᠠᠭᠴᠢ ᠶᠢᠨ | ᠠᠵᠢᠯᠯᠠᠬᠤ ᠲᠠᠰᠤᠭ 11 ᠲᠠᠰᠤᠯᠭ᠎ᠠ᠂ ᠰᠡᠳᠬᠢᠴᠡ ᠶᠢᠨ ᠯᠠᠪᠯᠠᠯᠲᠠ ᠶᠢᠨ ᠲᠠᠰᠤᠭ 4 ᠲᠠᠰᠤᠯᠭ᠎ᠠ᠂ ᠵᠤᠭ᠎ᠠ | ᠴᠡᠩᠭᠡᠯ ᠤᠨ ᠥᠷᠥᠭᠡ 4 ᠲᠠᠰᠤᠯᠭ᠎ᠠ᠂ ᠺᠢᠨᠣ᠋ ᠲᠠᠭᠤᠤ ᠵᠠᠭᠤᠴᠢᠯᠠᠭᠤᠷ ᠤᠨ ᠲᠢᠩᠬᠢᠮ 1 ᠲᠠᠰᠤᠭ᠂ ᠪᠡᠶ᠎ᠡ | ᠴᠢᠭᠢᠷᠠᠭᠵᠢᠭᠤᠯᠬᠤ ᠥᠷᠥᠭᠡ 1 ᠲᠠᠰᠤᠭ᠂ ᠹᠢᠽᠢᠺ ᠤᠨ ᠡᠮᠴᠢᠯᠡᠭᠡᠨ ᠤ ᠲᠠᠰᠤᠭ ᠵᠢᠴᠢ B ᠬᠡᠲᠦ ᠳᠣᠯᠭᠢᠶᠠᠨ ᠤ | ᠲᠠᠰᠤᠭ ᠵᠡᠷᠭᠡ 8 ᠲᠠᠰᠤᠯᠭ᠎ᠠ ᠪᠠᠶᠢᠵᠤ᠂ ᠠᠵᠢᠯᠲᠠᠨ ᠠᠵᠢᠯᠴᠢᠨ ᠤ ᠪᠡᠶ᠎ᠡ ᠤᠬᠢᠶᠠᠬᠤ ᠲᠠᠰᠤᠭ᠂ ᠤᠬᠢᠶᠠᠯᠭ᠎ᠠ ᠶᠢᠨ | ᠲᠠᠰᠤᠭ ᠵᠡᠷᠭᠡ 8 ᠲᠠᠰᠤᠯᠭ᠎ᠠ ᠪᠣᠶ︔ ᠨᠠᠰᠤᠲᠠᠶᠢᠴᠤᠳ ᠢ ᠠᠷᠠᠴᠢᠯᠠᠨ ᠬᠠᠮᠠᠭᠠᠯᠠᠬᠤ ᠲᠠᠰᠤᠭ ᠨᠡᠶᠢᠲᠡ 184 | ᠲᠠᠰᠤᠯᠭ᠎ᠠ ᠲᠠᠢ᠂ ᠡᠭᠦᠨ ᠳᠤ ᠪᠠᠷᠢᠮᠵᠢᠶ᠎ᠠ ᠲᠠᠰᠤᠯᠭ᠎ᠠ ᠨᠢ 139᠂ ᠵᠢᠵᠢᠭ ᠬᠡᠷ 34 ᠲᠠᠰᠤᠯᠭ᠎ᠠ᠂ ᠲᠣᠮᠣ ᠬᠡᠷ 11 | ᠲᠠᠰᠤᠯᠭ᠎ᠠ ᠪᠣᠶ᠃ ᠲᠦᠷᠦᠯ ᠵᠦᠢᠯ ᠢ 2022 ᠣᠨ ᠤ 11 ᠰᠠᠷ᠎ᠠ ᠳᠤ ᠡᠬᠢᠯᠡᠭᠦᠯᠵᠦ᠂ 2024 ᠣᠨ ᠤ 12 | ᠰᠠᠷ᠎ᠠ ᠳᠤ ᠭᠤᠣᠯ ᠴᠣᠭᠴᠠ ᠶᠢᠨ ᠬᠡᠰᠡᠭ ᠢ ᠨᠢᠭᠡᠨᠲᠡ ᠪᠠᠷᠢᠯᠭ᠎ᠠ ᠳᠠᠭᠤᠰᠬᠠᠨ ᠰᠢᠯᠭᠠᠨ ᠠᠪᠴᠤ᠂ ᠣᠳᠣᠬᠠᠨ ᠳᠤ ᠶᠠᠭ | ᠳᠣᠲᠣᠭᠠᠳᠤ ᠶᠢᠨ ᠵᠠᠰᠠᠯ ᠴᠢᠮᠡᠭᠯᠡᠯ ᠤᠨ ᠱᠠᠲᠤᠨ ᠳᠤ ᠪᠠᠶᠢᠵᠤ᠂ ᠵᠢᠱᠢᠯᠲᠡ ᠪᠠᠷ 5 ᠰᠠᠷ᠎ᠠ ᠳᠤ ᠠᠰᠢᠭᠯᠠᠯᠲᠠ ᠳᠤ | ᠣᠷᠣᠭᠤᠯᠤᠨ᠎ᠠ᠃ | |