ᠵᠢᠭᠤᠯᠴᠢᠯᠠᠯ ᠤᠨ ᠠᠵᠢᠯ ᠲᠦᠷᠦᠯ ᠤᠨ ᠠᠯᠪᠠᠳᠠᠯᠭ᠎ᠠ ᠬᠡᠷᠡᠭᠯᠡᠭᠡ ᠶᠢ ᠬᠤᠷᠢᠭᠯᠠᠬᠤ᠂ ᠵᠢᠭᠤᠯᠴᠢᠯᠠᠯ ᠤᠨ ᠬᠦᠳᠦᠴᠢ ᠵᠢᠴᠢ ᠲᠠᠶᠢᠯᠪᠤᠷᠢᠯᠠᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/4/7
ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠭᠠᠵᠠᠷ ᠲᠤ᠄    ᠵᠢᠭᠤᠯᠴᠢᠯᠠᠯ ᠤᠨ ᠠᠵᠢᠯ ᠲᠥᠷᠥᠯ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠥᠪᠡᠷᠮᠢᠴᠡ ᠲᠠᠲᠠᠬᠤ ᠬᠦᠴᠦᠨ ᠪᠠ ᠳᠦᠷᠢ ᠲᠥᠷᠬᠦ ᠶᠢ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠤᠭᠰᠠᠨ ᠤ ᠬᠤᠪᠢ ᠳᠤ᠂ ᠵᠤᠭᠠᠴᠠᠭᠰᠠᠳ ᠨᠢᠭᠡᠪᠦᠷᠢ ᠶᠢᠨ ᠣᠶᠢᠯᠠᠭᠠᠯᠲᠠ ᠪᠠ ᠮᠠᠭᠲᠠᠭᠠᠯ ᠰᠠᠶᠢᠰᠢᠶᠠᠯ ᠲᠠᠢ ᠬᠤᠯᠪᠣᠭᠳᠠᠵᠤ ᠪᠠᠶᠢᠳᠠᠭ᠃ ᠵᠢᠭᠤᠯᠴᠢᠯᠠᠯ ᠤᠨ ᠠᠵᠢᠯ ᠲᠥᠷᠥᠯ ᠤᠨ ᠲᠣᠪᠤᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠡᠷᠡᠭᠦᠯ ᠴᠢᠭᠢᠷᠠᠭ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠢᠳᠡᠪᠬᠢᠲᠡᠶ ᠬᠥᠳᠡᠯᠦᠯᠴᠡᠵᠦ᠂ ᠵᠢᠭᠤᠯᠴᠢᠯᠠᠯ ᠤᠨ ᠬᠥᠲᠥᠴᠢ ᠶᠢᠨ ᠡᠷᠦᠶ ᠬᠤᠷᠤᠶ ᠥᠬᠡᠶ ᠦᠵᠡᠭᠳᠡᠯ ᠢ ᠰᠢᠢᠳᠪᠦᠷᠢᠯᠡᠬᠦ᠂ ᠵᠤᠭᠠᠴᠠᠭᠰᠠᠳ ᠤᠨ ᠬᠡᠷᠡᠭᠯᠡᠭᠡ ᠶᠢ ᠠᠯᠪᠠᠳᠠᠬᠤ ᠵᠡᠷᠭᠡ ᠮᠠᠭᠤ ᠠᠵᠢᠯᠯᠠᠭ᠎ᠠ ᠳᠤ ᠴᠣᠬᠢᠯᠲᠠ ᠥᠭᠬᠦ ᠪᠠᠷ ᠴᠢᠷᠮᠠᠶᠢᠨ᠎ᠠ᠃ ᠠᠳᠡ᠂ ᠪᠢᠳᠡ ᠪᠥᠬᠦ ᠬᠤᠰᠢᠭᠤᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ ᠳᠤ ᠲᠥᠪ ᠴᠢᠩᠭ᠎ᠠ ᠪᠠᠷ ᠲᠠᠷᠠᠭᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠬᠠᠤᠯᠢ ᠲᠣᠭᠲᠠᠭᠠᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠦᠷᠢᠮ︾᠂ ︽ᠵᠢᠭᠤᠯᠴᠢᠯᠠᠯ ᠤᠨ ᠬᠤᠷᠢᠶᠠᠨ ᠤ ᠳᠦᠷᠢᠮ︾᠂ ︽ᠵᠢᠭᠤᠯᠴᠢᠯᠠᠯ ᠤᠨ ᠬᠥᠳᠦᠴᠢᠳ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠣᠰᠣᠭᠠᠷ ᠡᠵᠡᠩᠨᠡᠬᠦ ᠶᠢ ᠠᠵᠤ ᠠᠬᠤᠶᠢᠯᠠᠯ ᠤᠨ ᠬᠥᠭᠵᠢᠯᠲᠡ ᠶᠢᠨ ᠦᠨᠳᠦᠰᠦᠨ ᠪᠠᠷᠢᠮᠵᠢᠶ᠎ᠠ ᠪᠣᠯᠭᠠᠨ᠎ᠠ᠃ ︽ᠵᠦᠢ ᠵᠣᠬᠢᠰ ᠦᠭᠡᠢ ᠬᠢᠮᠳᠡ ᠦᠨ᠎ᠡ ᠪᠠᠷ ᠵᠢᠭᠤᠯᠴᠢᠯᠠᠬᠤ︾ ᠶᠢ ᠡᠷᠡᠰ ᠡᠰᠡᠷᠭᠦᠴᠡᠵᠦ᠂ ︽ᠪᠦᠯᠬᠦᠮ ᠨᠡᠶᠢᠲᠡ ᠶᠢᠨ ᠰᠦᠢᠳᠬᠡᠯ ᠦᠭᠡᠢ︾ ︽ᠰᠦᠬᠡᠷᠬᠦ ᠪᠦᠯᠬᠦᠮ ᠤᠨ ᠰᠦᠢᠳᠬᠡᠯ︾ ᠵᠡᠷᠭᠡ ᠥᠪᠡᠷ ᠤᠨ ᠦᠷᠳᠡᠭ ᠠᠴᠠ ᠳᠣᠣᠷ᠎ᠠ ᠵᠦᠢ ᠶᠣᠰᠣᠨ ᠤ ᠪᠤᠰᠤ ᠥᠷᠢᠰᠥᠯᠳᠦᠭᠡᠨ ᠤ ᠠᠷᠭ᠎ᠠ ᠪᠠᠷᠢᠯ ᠢᠶᠠᠷ ᠵᠤᠭᠠᠴᠠᠭᠰᠠᠳ ᠢ ᠡᠯᠰᠡᠬᠦ ᠶᠢ ᠡᠷᠡᠰ ᠬᠤᠷᠢᠭᠯᠠᠵᠤ᠂ ᠣᠬᠤᠷ ᠬᠤᠭᠤᠴᠠᠭᠠᠨ ᠤ ᠠᠰᠢᠭ ᠲᠤᠰᠠ ᠠᠴᠠ ᠪᠤᠯᠵᠤ ᠠᠵᠢᠯ ᠲᠦᠷᠦᠯ ᠤᠨ ᠠᠮᠢ ᠠᠬᠤᠢ ᠶᠢ ᠡᠪᠳᠡᠬᠦ ᠠᠴᠠ ᠵᠠᠶᠢᠯᠠᠰᠬᠢᠨ᠎ᠠ᠃ ᠶᠠᠮᠠᠷᠪᠠ ᠬᠡᠯᠪᠡᠷᠢ ᠶᠢᠨ ᠥᠳᠥᠭᠡᠨ ᠲᠠᠲᠠᠬᠤ᠂ ᠮᠡᠬᠡᠯᠡᠬᠦ᠂ ᠠᠯᠪᠠᠳᠠᠵᠤ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ ᠪᠤᠶᠤ ᠠᠰ ᠲᠤᠨᠢ ᠰᠦᠢᠳᠬᠡᠯ ᠲᠤᠰᠢᠶᠠᠬᠤ ᠵᠢᠭᠤᠯᠴᠢᠯᠠᠯ ᠤᠨ ᠲᠥᠷᠥᠯ ᠵᠦᠢᠯ ᠳᠤ ᠤᠷᠤᠯᠴᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠬᠤ ᠦᠭᠡᠢ ᠪᠠ ᠣᠷᠣᠯᠴᠠᠬᠤ ᠦᠭᠡᠶ᠂ ᠵᠤᠭᠠᠴᠠᠭᠰᠠᠳ ᠤᠨ ᠡᠵᠡᠨ ᠮᠡᠳᠡᠭᠰᠡᠨ ᠬᠡᠷᠡᠭᠯᠡᠭᠡᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠤᠳᠠᠭ᠎ᠠ ᠪᠦᠷᠢ ᠶᠢᠨ ᠵᠢᠭᠤᠯᠴᠢᠯᠠᠯ ᠤᠨ ᠠᠶᠠᠨ ᠵᠠᠮ ᠨᠢᠭᠡᠪᠦᠷᠢ ᠳᠤ ᠴᠥᠮ ᠬᠠᠤᠯᠢ ᠲᠣᠭᠲᠠᠭᠠᠯ ᠳᠤ ᠨᠡᠶᠢᠴᠡᠬᠦ ᠪᠣᠷᠣ ᠲᠥᠯᠥᠪ ᠳᠣᠲᠣᠷ᠎ᠠ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠳᠤᠯᠠᠨ᠎ᠠ᠃    ᠬᠤᠶᠡᠷ᠂ ᠲᠣᠳᠣᠭᠠᠳᠣ ᠶᠢᠨ ᠬᠠᠮᠢᠶᠡᠷᠦᠯᠳᠡ ᠶᠢ ᠴᠢᠩᠭᠠᠷᠡᠭᠤᠯᠥᠨ᠂ ᠵᠢᠭᠤᠯᠴᠢᠯᠠᠯ ᠤᠨ ᠬᠦᠳᠣᠴᠢ ᠶᠢᠨ ᠬᠡᠪ ᠴᠢᠨᠡᠷ ᠢ ᠲᠡᠭᠡᠭᠰᠢᠯᠡᠭᠦᠯᠦᠨ᠎ᠡ   A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠨᠢ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠤᠷᠢᠨ ᠬᠡᠷᠡᠭᠯᠡᠬᠦ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠦᠳᠦᠴᠢ᠂ ᠲᠠᠶᠢᠯᠪᠤᠷᠢᠯᠠᠭᠴᠢ ᠶᠢ ᠬᠦᠴᠦᠨ ᠲᠠᠢ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠭᠠᠬᠤ ᠮᠥᠷᠲᠡᠭᠡᠨ ᠲᠡᠭᠦᠨ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠬᠢᠨᠠᠨ ᠰᠢᠯᠭᠠᠯᠲᠠ ᠬᠢᠨ᠎ᠡ᠃ ᠪᠣᠯᠪᠠᠰᠤᠷᠠᠭᠤᠯᠤᠯ ᠤᠨ ᠠᠭᠤᠯᠭ᠎ᠠ ᠨᠢ ᠲᠤᠰᠬᠠᠶ ᠮᠡᠷᠭᠡᠵᠢᠯ ᠤᠨ ᠲᠠᠶᠢᠯᠤᠮᠵᠢ ᠬᠢᠬᠦ ᠤᠷ᠎ᠠ ᠴᠢᠳᠠᠪᠤᠷᠢ᠂ ᠡᠯᠪᠡᠭ ᠪᠠᠶᠠᠯᠢᠭ ᠰᠣᠶᠣᠯ ᠲᠡᠤᠬᠡ ᠶᠢᠨ ᠮᠡᠳᠡᠯᠭᠡ ᠶᠢ ᠬᠠᠮᠤᠷᠬᠤ ᠪᠠᠷ ᠪᠠᠷᠠᠬᠤ ᠥᠬᠡᠶ᠂ ᠨᠠᠩ ᠴᠤ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠢ ᠭᠤᠤᠯᠳᠠᠯᠭ᠎ᠠ ᠲᠠᠢ ᠴᠢᠩᠭᠠᠳᠬᠠᠵᠤ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠵᠥᠪ ᠥᠷᠲᠡᠭ ᠤᠨ ᠦᠵᠡᠯᠲᠡ ᠪᠠ ᠦᠢᠯᠡᠴᠢᠯᠡᠭᠡᠨ ᠤ ᠣᠨᠣᠯᠵᠢᠬᠤᠨ ᠢ ᠪᠣᠶ ᠪᠤᠯᠭᠠᠨ᠎ᠠ᠃ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠵᠢᠭᠤᠯᠴᠢᠯᠠᠭᠰᠠᠳ ᠲᠤ ᠴᠢᠨᠠᠷ ᠰᠠᠶᠢᠲᠠᠶ᠂ ᠲᠤᠰᠬᠠᠶ ᠮᠡᠷᠭᠡᠵᠢᠯ ᠲᠠᠢ᠂ ᠳᠣᠲᠣᠨᠣ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠳᠦᠷᠢ ᠲᠥᠷᠬᠦ ᠪᠠᠷ ᠵᠢᠭᠤᠯᠴᠢᠯᠠᠭᠴᠢᠳ ᠤᠨ ᠵᠥᠪᠰᠢᠶᠡᠷᠡᠯ ᠪᠠ ᠢᠲᠡᠭᠡᠯ ᠢ ᠣᠯᠵᠤ᠂ ᠵᠢᠭᠤᠯᠴᠢᠯᠠᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠡᠭᠦᠰᠬᠦ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃    ᠭᠤᠷᠪᠠ᠂ ᠠᠯᠪᠠᠳᠠᠯᠭ᠎ᠠ ᠬᠡᠷᠡᠭᠯᠡᠭᠡ ᠶᠢ ᠵᠣᠭᠰᠣᠭᠠᠵᠤ᠂ ᠵᠢᠭᠤᠯᠴᠢᠯᠠᠭᠴᠢᠳ ᠤᠨ ᠡᠷᠬᠡ ᠠᠰᠢᠭ ᠢ ᠬᠠᠮᠠᠭᠠᠯᠠᠨ᠎ᠠ    ᠵᠢᠭᠤᠯᠴᠢᠯᠠᠯ ᠤᠨ ᠬᠥᠲᠥᠴᠢ ᠵᠢᠴᠢ ᠲᠠᠶᠢᠯᠪᠤᠷᠢᠯᠠᠭᠴᠢ ᠦᠢᠯᠡᠴᠢᠯᠡᠭᠡᠨ ᠤ ᠶᠠᠪᠤᠴᠠ ᠳᠤ᠂ ᠵᠢᠭᠤᠯᠴᠢᠯᠠᠭᠴᠢᠳ ᠤᠨ ᠣᠶᠢᠯᠠᠭᠠᠯᠲᠠ ᠪᠠ ᠡᠷᠬᠡ ᠠᠰᠢᠭ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠦᠭᠡ ᠬᠡᠯᠡ ᠪᠠᠷ ᠰᠦᠷᠳᠡᠭᠦᠯᠬᠦ᠂ ᠠᠶᠠᠨ ᠵᠠᠮ ᠢᠶᠠᠨ ᠵᠣᠷᠢᠭᠤᠳᠠ ᠬᠤᠶᠢᠰᠢᠯᠠᠭᠤᠯᠬᠤ᠂ ᠢᠯᠭᠠᠭ᠎ᠠ ᠲᠠᠢ ᠬᠠᠨᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠤᠭᠠᠴᠠᠭᠰᠠᠳ ᠤᠨ ᠠᠯᠪᠠᠳᠠᠯᠭ᠎ᠠ ᠬᠡᠷᠡᠭᠯᠡᠭᠡ ᠶᠢ ᠵᠤᠭᠰᠤᠭᠠᠵᠤ᠂ ᠵᠤᠭᠠᠴᠠᠭᠰᠠᠳ ᠤᠨ ᠡᠵᠡᠨ ᠮᠡᠳᠡᠵᠦ ᠰᠣᠩᠭᠤᠬᠤ ᠡᠷᠬᠡ ᠪᠠ ᠬᠤᠪᠢ ᠬᠥᠮᠦᠨ ᠤ ᠬᠦᠰᠡᠯ ᠰᠠᠨᠠᠭ᠎ᠠ ᠶᠢ ᠬᠦᠨᠳᠦᠳᠬᠡᠨ᠎ᠠ᠃ ᠵᠤᠭᠠᠴᠠᠭᠰᠠᠳ ᠤᠨ ᠣᠶᠤᠨᠴᠢ ᠬᠡᠷᠡᠭᠯᠡᠭᠡ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠨᠡᠨ ᠪᠣᠳᠠᠲᠠᠶ᠂ ᠪᠤᠰᠤᠳᠴᠢ ᠬᠡᠷᠡᠭᠯᠡᠭᠡ ᠬᠠᠩᠭᠠᠵᠤ᠂ ᠬᠠᠷᠢᠨ ᠵᠤᠭᠠᠴᠠᠭᠰᠠᠳ ᠢ ᠬᠤᠳᠠᠯᠳᠤᠭᠠᠨ ᠤ ᠠᠰᠢᠭ ᠲᠤᠰᠠ ᠤᠯᠬᠤ ᠪᠠᠭᠠᠵᠢ ᠪᠤᠯᠭᠠᠵᠤ ᠪᠤᠯᠬᠤ ᠥᠬᠡᠶ᠃ ᠦᠵᠡᠮᠵᠢ ᠶᠢᠨ ᠣᠷᠣᠨ ᠪᠣᠯᠤᠨ ᠵᠢᠭᠤᠯᠴᠢᠯᠠᠯ ᠤᠨ ᠬᠤᠷᠢᠶ᠎ᠠ ᠨᠤᠭᠤᠳ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠳᠤ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠠᠯᠪᠠᠳᠠᠯᠭ᠎ᠠ ᠶᠢᠨ ᠬᠡᠷᠡᠭᠯᠡᠭᠡ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠳᠠᠷᠦ᠋ᠢᠬᠠᠨ ᠴᠢᠩᠭ᠎ᠠ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠶ᠃    ᠳᠥᠷᠪᠡ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠮᠢ ᠠᠬᠤᠶ ᠶᠢᠨ ᠰᠠᠶᠢᠨ ᠰᠠᠶᠢᠬᠠᠨ ᠤᠷᠴᠢᠨ ᠢ ᠪᠤᠢ ᠪᠤᠯᠭᠠᠨ᠎ᠠ    ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠵᠢᠷᠤᠮᠯᠠᠵᠤ᠂ ᠬᠠᠷᠢᠯᠴᠠᠨ ᠬᠢᠨᠠᠯᠲᠠ ᠲᠠᠯᠪᠢᠵᠤ᠂ ᠬᠠᠷᠢᠯᠴᠠᠨ ᠠᠬᠢᠭᠤᠯᠵᠤ᠂ ᠣᠯᠵᠤ ᠮᠡᠳᠡᠭᠰᠡᠨ ᠠᠵᠢᠯ ᠲᠥᠷᠥᠯ ᠤᠨ ᠳᠣᠲᠣᠭᠠᠳᠤ ᠶᠢᠨ ᠲᠣᠭᠲᠠᠭᠠᠯ ᠠᠴᠠ ᠵᠥᠷᠢᠴᠡᠨ ᠡᠵᠡᠩᠨᠡᠬᠦ᠂ ᠵᠢᠭᠤᠯᠴᠢᠯᠠᠯ ᠤᠨ ᠬᠥᠲᠥᠴᠢ ᠶᠢᠨ ᠠᠯᠪᠠᠳᠠᠯᠭ᠎ᠠ ᠶᠢᠨ ᠬᠡᠷᠡᠭᠯᠡᠭᠡ ᠵᠡᠷᠭᠡ ᠮᠠᠭᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠰᠢᠭᠤᠨ ᠤ ᠰᠣᠶᠣᠯ ᠵᠢᠭᠤᠯᠴᠢᠯᠠᠯ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠲᠤ ᠢᠯᠡᠴᠢᠯᠡᠨ ᠮᠡᠳᠡᠬᠦᠯᠦᠨ᠎ᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ ᠠᠵᠢᠯ ᠲᠥᠷᠥᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ ᠴᠢᠨᠠᠷ ᠰᠠᠶᠢᠲᠠᠶ᠂ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠵᠤᠭᠠᠴᠠᠭᠰᠠᠳ ᠨᠢᠭᠡᠪᠦᠷᠢ ᠳᠤ ᠰᠠᠨᠠᠭ᠎ᠠ ᠠᠮᠤᠷ᠂ ᠲᠠᠭᠠᠯᠠᠮᠵᠢᠲᠠᠶ ᠵᠢᠭᠤᠯᠴᠢᠯᠠᠯ ᠤᠨ ᠵᠣᠷᠢᠭᠰᠠᠨ ᠭᠠᠵᠠᠷ ᠢ ᠪᠠᠶᠢᠭᠤᠯᠵᠤ ᠥᠭᠭᠦᠨ᠎ᠡ᠃ ᠪᠢᠳᠡ ᠭᠠᠷ ᠬᠤᠯᠪᠣᠯᠴᠠᠨ ᠬᠠᠮᠲᠤᠪᠠᠷ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠦᠳᠦᠴᠢ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠪᠠ ᠠᠯᠪᠠᠳᠠᠯᠭ᠎ᠠ ᠶᠢᠨ ᠬᠡᠷᠡᠭᠯᠡᠭᠡᠨ ᠤ ᠠᠵᠢᠯᠯᠠᠭ᠎ᠠ ᠶᠢ ᠡᠰᠡᠷᠭᠦᠴᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠵᠦ᠂ ᠵᠢᠭᠤᠯᠴᠢᠯᠠᠭᠴᠢᠳ ᠲᠤ ᠨᠠᠩ ᠰᠠᠶᠢᠨ ᠰᠠᠶᠢᠬᠠᠨ ᠵᠢᠭᠤᠯᠴᠢᠯᠠᠯ ᠤᠨ ᠣᠶᠢᠯᠠᠭᠠᠯᠲᠠ ᠣᠯᠭᠤᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠶ᠎ᠠ︕                  ᠢᠯᠡᠴᠢᠯᠡᠨ ᠮᠡᠳᠡᠭᠦᠯᠬᠦ ᠤᠲᠠᠰᠤ᠄ 0475 — 5217448        ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠰᠣᠶᠣᠯ      ᠵᠢᠭᠤᠯᠴᠢᠯᠠᠯ ᠤᠨ ᠶᠠᠪᠤᠳᠠᠯ ᠤᠨ ᠦᠢᠯᠡᠴᠢᠯᠡᠭᠡᠨ ᠤ ᠲᠥᠪ                                                                                 2025 ᠣᠨ ᠤ 3 ᠰᠠᠷ᠎ᠠ ᠶᠢᠨ 31 ᠤ ᠡᠳᠦᠷ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号