ᠰᠢ ᠶᠢᠨ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠳᠤᠮᠳᠠᠳᠤ ᠡᠨᠡᠳᠭᠡᠭ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ  ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/7
                           ᠨᠡᠶᠢᠲᠡᠯᠡᠭᠰᠡᠨ ᠴᠠᠭ᠄ 2025/4/2       ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ  4 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ  ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ  75 ᠵᠢᠯ ᠤᠨ ᠣᠶ ᠶᠢ ᠪᠡᠯᠭᠡᠯᠡᠪᠡ᠃         ᠰᠢ ᠶᠢᠨ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ ᠲᠤᠮᠤ ᠤᠯᠤᠰ ᠮᠥᠨ᠂ ︽ᠪᠦᠬᠦ  ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠪᠦᠷᠢᠯᠳᠦᠬᠦᠨ ᠮᠦᠨ ᠪᠠᠶᠢᠵᠤ᠂ ᠪᠦᠷ ᠲᠤᠰ ᠲᠤᠰ ᠤᠨ ᠢᠶᠠᠨ ᠣᠳᠣᠬᠢᠴᠢᠯᠠᠯᠲᠠ ᠶᠢᠨ  ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ ᠬᠠᠨᠢᠲᠠᠨ  ᠪᠤᠯᠵᠤ᠂ ︽ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ ᠬᠤᠶᠠᠷ ᠤᠯᠤᠰ ᠪᠣᠯᠤᠨ ᠬᠤᠶᠠᠷ  ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠭᠡᠳᠡᠭ ᠢ ᠳᠤᠮᠳᠠᠳᠤ ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ  ᠶᠠᠪᠤᠴᠠ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ  ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠲᠤᠮᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂  ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ  ᠲᠦᠢᠯᠵᠢᠯᠲᠡ ᠪᠣᠯᠤᠨ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75  ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ  ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ ᠳᠤᠮᠳᠠᠳᠤ ᠡᠨᠡᠳᠭᠡᠭ ᠤᠨ  ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ  ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃     ᠮᠥᠸᠧᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠪᠠᠶᠢᠵᠤ᠂ ᠪᠦᠬᠦ ᠪᠥᠮᠪᠥᠷᠴᠡᠭ ᠤᠨ ᠭᠤᠷᠪᠠᠨ ᠤ ᠨᠢᠭᠡ  ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠤᠯᠬᠤᠶᠢᠴᠠ ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ  ᠪᠣᠯᠤᠨ ᠳᠡᠯᠡᠬᠡᠶ ᠳ᠋ᠠᠬᠢᠨ ᠳᠤ ᠠᠵᠠ ᠵᠢᠷᠭᠠᠯ ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ  ᠠᠵᠠ ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ    ᠬᠠᠮᠲᠤ ᠪᠠᠷ ᠠᠬᠢᠭᠤᠯᠤᠶ᠎ᠠ ᠭᠡᠵᠦ ᠢᠯᠡᠳᠭᠡᠪᠡ᠃        ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠢ ᠰᠠᠶᠢᠳ ᠮᠦᠸᠧᠳᠢ ᠬᠠᠷᠢᠯᠴᠠᠨ  ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ  ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ  ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂  ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ  ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃         ᠮᠦᠸᠧᠳᠢ᠂ ᠡᠨᠡᠳᠭᠡᠭ ᠪᠣᠯᠤᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ ᠬᠥᠮᠦᠨ ᠲᠥᠷᠥᠯᠬᠢᠲᠡᠨ ᠤ ᠲᠡᠦᠬᠡ ᠶᠢ  ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ  ᠡᠭᠦᠷᠭᠡᠯᠡᠵᠦ ᠪᠠᠶᠢᠨ᠎ᠠ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠠᠰᠢᠭᠲᠠᠢ ᠪᠠᠷ ᠪᠠᠷᠠᠬᠤ  ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ  ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ     ᠲᠣᠭᠲᠠᠭᠤᠨ   ᠬᠥᠭᠵᠢᠯᠲᠡ ᠶᠢᠨ ᠱᠠᠲᠤᠨ ᠳᠤ ᠣᠷᠣᠬᠤ ᠶᠢ ᠬᠦᠳᠦᠯᠦᠨ ᠳᠠᠭᠠᠭᠤᠯᠬᠤ ᠪᠣᠯᠤᠨ᠎ᠠ ᠭᠡᠵᠦ     ᠢᠯᠡᠳᠭᠡᠪᠡ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号