ᠨᠡᠶᠢᠲᠡᠯᠡᠭᠰᠡᠨ ᠴᠠᠭ᠄ 2025/4/2 | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠡᠳᠦᠷ | ᠬᠡᠪᠯᠡᠭᠳᠡᠬᠦ 7 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ᠂ 2035 ᠣᠨ | ᠪᠤᠯᠳᠠᠯ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ | ᠬᠠᠷᠠᠯᠲᠠ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠢ ᠬᠥᠭᠵᠢᠭᠦᠯᠬᠦ | ᠦᠢᠯᠡᠳᠦᠯᠭᠡ ᠳᠤᠮᠳᠠ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ᠃ ᠡᠭᠦᠨ ᠳᠤ ᠭᠤᠣᠯᠳᠠᠭᠤ᠄ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ᠃ | ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠶᠤᠮ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠶᠢᠨ ᠬᠠᠮᠲᠤ | ᠂ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ | ᠪᠣᠶᠢᠵᠢᠭᠤᠯᠬᠤ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ | ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ᠂ | 2035 ᠣᠨ ᠪᠤᠯᠳᠠᠯ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ | ᠲᠥᠯᠥᠪᠵᠢᠭᠦᠯᠦᠨ ᠲᠥᠰᠥᠪᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠪᠢᠳᠡᠨ ᠤ ᠪᠦᠲᠦᠭᠡᠨ | ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ | ᠦᠨᠳᠦᠰᠦᠨ ᠡᠯᠧᠮᠧᠨ᠋ᠲ ᠢ ᠪᠦᠷᠢᠯᠳᠦᠭᠦᠯᠬᠦ ᠬᠡᠷᠡᠭᠲᠡᠢ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ | ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ᠂ | ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ | ᠪᠣᠯᠭᠠᠨ᠎ᠠ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ | ᠴᠢᠳᠠᠪᠤᠷᠢ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠬᠦᠴᠦᠲᠡᠢ ᠲᠤᠯᠭᠠᠭᠤᠷᠢᠯᠠᠨ᠎ᠠ᠃ ᠭᠤᠷᠪᠠ ᠳᠤ ᠬᠦᠴᠦᠷᠬᠡᠭ ᠶᠡᠭᠡ ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ | ᠳᠠᠭᠠᠭᠤᠯᠬᠤ ᠬᠦᠴᠦᠨ ᠲᠠᠢ ᠪᠠᠶᠢᠵᠤ᠂ ᠳᠡᠯᠡᠬᠡᠢ ᠶᠢᠨ ᠴᠢᠬᠤᠯᠠ ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ | ᠥᠨᠳᠦᠷᠯᠢᠭ ᠢ ᠴᠣᠭᠴᠠᠯᠠᠨ᠎ᠠ᠃ ᠳᠥᠷᠪᠡ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ ᠶᠡᠭᠡ ᠴᠢᠳᠠᠪᠤᠷᠢ ᠲᠠᠢ ᠪᠠᠶᠢᠵᠤ᠂ ᠳᠡᠯᠡᠬᠡᠢ ᠶᠢᠨ | ᠣᠷᠣᠶᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ | ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠲᠠᠢ ᠪᠠᠶᠢᠵᠤ᠂ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠰᠢᠷᠭᠠᠭᠤ ᠬᠠᠲᠠᠭᠤᠵᠢᠯᠲᠠᠢ ᠲᠡᠮᠡᠴᠡᠬᠦ︾ ᠡᠷᠡᠰ ᠪᠠᠲᠤ ᠵᠣᠷᠢᠭ ᠪᠣᠯᠣᠨ ᠬᠠᠳᠠᠨ ᠵᠣᠷᠢᠭ ᠢᠶᠠᠷ | ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ | ᠃ ᠨᠢᠭᠡᠳᠦᠭᠡᠷ ᠲᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ | ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ | ᠳᠡᠭᠡᠭᠰᠢᠯᠡᠭᠦᠯᠭᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠭᠤᠰᠤᠯᠴᠠᠬᠤ ᠶᠢᠨ | ᠰᠠᠭᠤᠷᠢ ᠨᠢ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ | ᠪᠣᠯᠣᠨ᠎ᠠ᠂ ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠣᠨ᠎ᠠ᠂ ᠠᠭᠤᠰᠤᠯᠴᠠᠬᠤ ᠶᠢᠨ | ᠠᠷᠭ᠎ᠠ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ | ᠠᠬᠢᠭᠤᠯᠬᠤ ᠶᠠᠪᠤᠳᠠᠯ ᠪᠣᠯᠣᠨ᠎ᠠ᠃ ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠰᠢᠰᠲ᠋ᠧᠮ ᠪᠠ ᠬᠢᠨᠠᠨ ᠰᠢᠯᠭᠠᠬᠤ | ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ᠂ | ᠣᠷᠣᠯᠭ᠎ᠠ ᠶᠢᠨ ᠬᠤᠪᠢᠶᠠᠷᠢᠯᠠᠯᠲᠠ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ ᠳᠥᠷᠪᠡᠳᠦᠭᠡᠷ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ | ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠳᠠᠪᠤᠷᠢᠲᠠᠨ ᠤ | ᠥᠷᠢᠰᠦᠯᠳᠦᠭᠡᠨ ᠤ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠬᠡᠪᠴᠢᠶ᠎ᠡ ᠪᠠᠷ ᠯᠤᠲᠤ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ | ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ | ᠬᠥᠮᠥᠵᠢᠭᠦᠯᠬᠦ ᠶᠢ ᠲᠤᠪᠤᠶᠢᠯᠭᠠᠬᠤ ᠬᠡᠷᠡᠭᠲᠡᠢ᠃ ᠲᠠᠪᠤᠳᠤᠭᠠᠷ ᠲᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠭᠦ | ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠢᠳᠡᠪᠬᠢᠲᠡᠢ ᠠᠭᠤᠰᠤᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ | ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠥᠮᠥᠨ | ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠪᠦᠭᠦ ᠨᠠᠮ ᠪᠦᠭᠦ ᠤᠯᠤᠰ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ | ᠂ ᠡᠷᠴᠢ ᠵᠣᠷᠢᠭ ᠢᠶᠠᠨ ᠭᠦᠢᠴᠡᠳ ᠬᠥᠪᠴᠢᠯᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠦᠯᠬᠦᠮᠳᠡᠨ ᠲᠡᠮᠡᠴᠡᠵᠦ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ | ᠡᠷᠡᠯᠬᠡᠭᠯᠡᠨ ᠤᠷᠤᠭᠰᠢᠯᠠᠬᠤ ᠬᠡᠷᠡᠭᠲᠡᠢ︕ ᠭᠡᠵᠦ ᠵᠢᠭᠠᠵᠤ ᠭᠠᠷᠭᠠᠪᠠ᠃ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |