ᠵᠢᠷᠭᠠᠯᠠᠩ ᠪᠠᠯᠭᠠᠰᠤᠨ ᠤ  ᠮᠤᠷᠢᠨᠳᠠᠯ᠎ᠠ  ᠭᠠᠴᠠᠭ᠎ᠠ ᠤᠳᠤ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠲᠠᠷᠢᠶᠠᠯᠠᠩ ᠢ ᠲᠤᠰᠠᠯᠠᠵᠤ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/4/8
   ᠵᠢᠷᠭᠠᠯᠠᠩ ᠪᠠᠯᠭᠠᠰᠤ ︽ᠨᠠᠮ ᠤᠨ ᠵᠣᠬᠢᠶᠠᠨ ᠪᠠᠶᠢᠭᠤᠯᠤᠯᠲᠠ ᠠᠴᠠ ᠬᠥᠲᠥᠯᠥᠨ ᠳᠠᠭᠠᠭᠤᠯᠬᠤ + ᠬᠤᠯᠪᠣᠭᠠᠲᠤ ᠬᠤᠷᠰᠢᠶ᠎ᠠ ᠪᠠᠷ ᠬᠥᠳᠡᠯᠭᠡᠭᠦᠷ ᠪᠣᠯᠭᠠᠬᠤ︾ ᠤᠳᠤ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡᠨ ᠤ ᠰᠢᠰᠲ᠋ᠧᠮ ᠢ ᠰᠢᠨ᠎ᠡ ᠪᠠᠷ ᠡᠭᠦᠳᠦᠨ ᠪᠠᠶᠢᠭᠤᠯᠵᠤ᠂ ᠲᠣᠰᠬᠤᠨ ᠤ ᠬᠠᠮᠲᠤ ᠶᠢᠨ ᠬᠤᠷᠰᠢᠶ᠎ᠠ ᠪᠣᠯᠤᠨ 5 ᠲᠤᠰᠬᠠᠢ ᠬᠤᠷᠰᠢᠶ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ ᠬᠤᠯᠪᠣᠭᠠᠲᠤ ᠬᠤᠷᠰᠢᠶ᠎ᠠ ᠶᠢ ᠪᠠᠶᠢᠭᠤᠯᠵᠤ᠂ ᠡᠷᠳᠡᠨᠢ ᠰᠢᠰᠢ ᠳᠠᠷᠢᠬᠤ  ︽ᠲᠠᠷᠢᠶᠠᠯᠠᠬᠤ᠂ ᠲᠠᠷᠢᠬᠤ᠂ ᠰᠡᠷᠭᠡᠶᠢᠯᠡᠬᠦ᠂ ᠬᠤᠷᠢᠶᠠᠬᠤ︾ ᠪᠦᠬᠦ ᠶᠠᠪᠤᠴᠠ︾ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠡᠭᠦᠳᠴᠦ᠂ ᠤᠯᠠᠮᠵᠢᠯᠠᠯᠲᠤ ᠲᠠᠷᠢᠶᠠᠯᠠᠩ ᠢ ᠮᠧᠬᠠᠨᠢᠭᠵᠢᠭᠤᠯᠬᠤ᠂ ᠡᠷᠴᠢᠮᠵᠢᠭᠦᠯᠬᠦ ᠲᠡᠰᠢ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠪᠠ ᠃ ᠲᠣᠰ ᠵᠠᠭᠪᠤᠷ ᠨᠢ ᠭᠤᠷᠪᠠᠨ ᠶᠡᠭᠡ ᠰᠢᠪᠲᠤᠯᠤᠯᠲᠠ ᠶᠢ ᠪᠡᠶᠡᠯᠡᠭᠦᠯᠵᠡᠶ᠄ ᠨᠢᠭᠡ ᠳᠤ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠮᠠᠰᠢᠨᠴᠢᠯᠠᠭᠰᠠᠨ ᠠᠵᠢᠯ ᠨᠢ ᠴᠢᠬᠢᠯᠡᠬᠦ ᠨᠣᠷᠮ᠎ᠠ ᠶᠢ 90% ᠬᠦᠷᠭᠡᠵᠦ᠂ ᠮᠥ ᠪᠦᠷᠢ ᠶᠢᠨ ᠤᠨᠠᠯᠲᠠ ᠶᠢ ᠳᠤᠮᠳᠠᠴᠢ ᠪᠠᠷ 200 — 300 ᠺᠢᠯᠣᠭ᠍ᠷᠠᠮ ᠨᠡᠮᠡᠭᠳᠡᠭᠦᠯᠪᠡ︔ ᠬᠤᠶᠠᠷ ᠲᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠰᠢᠭ ᠲᠤᠰᠠ ᠶᠢ ᠪᠠᠳᠠᠷᠠᠭᠤᠯᠵᠤ᠂ ᠲᠠᠷᠢᠶᠠᠴᠢᠨ ᠡᠷᠦᠬᠡ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠪᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠪᠡ︔ ᠭᠤᠷᠪᠠ ᠳᠤ᠂ ᠵᠢᠱᠢᠶ᠎ᠡ ᠦᠵᠡᠭᠦᠯᠬᠦ ᠨᠥᠯᠥᠭᠡᠯᠡᠯ ᠤᠨ ᠦᠢᠯᠡᠳᠦᠯ ᠢ ᠪᠦᠷᠢᠯᠳᠦᠭᠦᠯᠵᠦ᠂ ᠣᠳᠣᠬᠠᠨ ᠳᠤ ᠪᠦᠬᠦ ᠬᠤᠰᠢᠭᠤᠨ ᠳᠤ 3 ᠪᠠᠯᠭᠠᠰᠤ ᠲᠠᠯᠠᠪᠠᠢ᠂ 35 ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ 11 ᠦᠢᠯᠡᠴᠢᠯᠡᠭᠡᠨ ᠤ ᠬᠤᠯᠪᠣᠭᠠᠲᠤ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 119 ᠲᠦᠮᠡᠨ ᠮᠦ ᠠᠴᠠ ᠳᠠᠪᠠᠭᠤᠯᠵᠤ᠂  ︽ᠬᠡᠪᠴᠢᠶᠡᠵᠢᠭᠰᠡᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠪᠠᠷᠢᠮᠵᠢᠶᠠᠲᠤ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠯᠠᠨ ᠡᠰᠢᠲᠦ ᠣᠷᠣᠯᠭ᠎ᠠ ᠶᠢ ᠨᠡᠮᠡᠭᠳᠡᠭᠦᠯᠦᠨ ᠬᠥᠭᠵᠢᠭᠦᠯᠬᠦ︾ ᠣᠳᠣ ᠦᠶ᠎ᠡ ᠶᠢᠨ ᠲᠠᠷᠢᠶᠠᠯᠠᠩ ᠤᠨ ᠰᠢᠨ᠎ᠡ ᠪᠠᠶᠢᠷᠢᠰᠢᠯ ᠢ ᠪᠠᠶᠢᠭᠤᠯᠪᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号