ᠰᠢᠲᠠᠮᠠᠬᠠᠢ ᠬᠡᠢ ᠶᠢ ᠵᠥᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2025/4/8
 ᠭᠤᠮ ᠬᠤᠭᠤᠯᠠᠢ ᠶᠢ ᠬᠡᠲᠦᠷᠬᠡᠢ ᠤᠷᠳᠤ ᠬᠤᠭᠤᠴᠠᠭ᠎ᠠ ᠪᠠᠷ ᠬᠡᠷᠡᠭᠯᠡᠵᠦ ᠪᠤᠯᠬᠤ ᠦᠭᠡᠢ    ᠰᠢᠲᠠᠮᠠᠬᠠᠢ ᠬᠡᠢ ᠶᠢ ᠬᠡᠷᠡᠭᠯᠡᠬᠦ ᠦᠶᠡᠰ ᠭᠤᠮ ᠬᠤᠭᠤᠯᠠᠢ ᠶᠢ 18 ᠰᠠᠷ᠎ᠠ ᠬᠡᠷᠡᠭᠯᠡᠪᠡᠯ ᠪᠠᠶᠢᠴᠠᠭᠠᠬᠤ ᠬᠡᠷᠡᠭᠲᠡᠢ᠂ ᠴᠠᠭ ᠲᠤᠬᠠᠢ ᠳᠤᠨᠢ ᠭᠤᠮ ᠬᠤᠭᠤᠯᠠᠢ ᠪᠠ ᠳᠠᠷᠤᠯᠲᠠ ᠶᠢ ᠪᠠᠭᠤᠷᠠᠭᠤᠯᠬᠤ ᠨᠡᠭᠡᠯᠡᠭᠡᠢ ᠶᠢ ᠰᠣᠯᠢᠵᠤ᠂ ᠬᠡᠢ ᠯᠡᠪᠡᠷᠡᠬᠦ  ᠠᠴᠠ ᠰᠡᠷᠭᠡᠶᠢᠯᠡᠨ᠎ᠡ᠃ ᠭᠤᠮ ᠬᠤᠭᠤᠯᠠᠢ ᠶᠢᠨ ᠤᠷᠳᠤ ᠶᠢ 2 ᠮᠸᠲᠷ ᠠᠴᠠ ᠬᠡᠲᠦᠷᠡᠭᠦᠯᠵᠦ ᠪᠤᠯᠬᠤ ᠦᠭᠡᠢ᠃ ᠵᠣᠬᠢᠰ ᠲᠠᠢ ᠬᠠᠳᠠᠭᠠᠯᠠᠨ᠎ᠠ   ᠰᠢᠲᠠᠮᠠᠬᠠᠢ ᠬᠡᠢ ᠶᠢ ᠡᠷᠬᠡᠪᠰᠢ ᠰᠠᠯᠬᠢ ᠨᠡᠪᠲᠡᠷᠡᠬᠦ ᠲᠣᠭᠤᠭᠠᠨ ᠭᠡᠷ ᠲᠤ ᠬᠡᠷᠡᠭᠯᠡᠨ᠎ᠡ᠂ ᠬᠡᠢ ᠯᠡᠪᠡᠷᠡᠪᠡᠯ ᠴᠠᠭ ᠲᠤᠬᠠᠢ  ᠳᠤᠨᠢ ᠰᠠᠯᠬᠢ ᠨᠠᠪᠲᠠᠷᠡᠭᠦᠯᠵᠦ᠂ ᠬᠥᠮᠥᠨ ᠬᠤᠣᠷᠳᠠᠭᠳᠠᠬᠤ ᠪᠠ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠡᠭᠦᠨ ᠠᠴᠠ ᠭᠠᠳᠠᠨ᠎ᠠ᠂ ᠰᠢᠲᠠᠮᠠᠬᠠᠢ ᠬᠡᠢ ᠶᠢ ᠡᠷᠬᠡᠪᠰᠢ ᠤᠨᠲᠠᠬᠤ ᠦᠷᠤᠭᠡ᠂ ᠠᠮᠠᠷᠠᠬᠤ ᠦᠷᠤᠭᠡ ᠠᠴᠠ ᠲᠤᠰᠠᠭᠠᠷᠯᠠᠵᠤ᠂ ᠰᠠᠯᠬᠢ ᠨᠡᠪᠲᠡᠷᠡᠬᠦ ᠨᠥᠬᠦᠴᠡᠯ ᠢ ᠡᠷᠬᠡᠪᠰᠢ ᠪᠦᠷᠢᠯᠳᠦᠭᠦᠯᠬᠦ ᠬᠡᠷᠡᠭᠲᠡᠢ᠃  ᠰᠢᠲᠠᠮᠠᠬᠠᠢ ᠬᠡᠢ ᠯᠡᠪᠡᠷᠡᠪᠡᠯ ᠳᠠᠷᠤᠶᠢᠬᠠᠨ ᠪᠠᠶᠢᠴᠠᠭᠠᠨ᠎ᠠ  ᠰᠢᠲᠠᠮᠠᠬᠠᠢ ᠬᠡᠢ ᠯᠡᠪᠡᠷᠡᠪᠡᠯ ᠠᠮᠠᠷᠬᠠᠨ ᠦᠨᠦᠷᠲᠦᠭᠳᠡᠨ᠎ᠡ᠂ ᠦᠮᠡᠬᠡᠢ ᠦᠨᠦᠷ ᠦᠨᠦᠷᠳᠤᠪᠠᠯ᠂ ᠡᠷᠬᠡᠪᠰᠢ ᠴᠣᠩᠬᠤ ᠪᠠᠨ ᠨᠡᠭᠡᠭᠡᠵᠦ᠂ ᠰᠢᠲᠠᠮᠠᠬᠠᠢ ᠬᠡᠢ ᠶᠢᠨ ᠵᠤᠤᠬ᠎ᠠ᠂ ᠰᠢᠲᠠᠮᠠᠬᠠᠢ ᠬᠡᠢ ᠶᠢᠨ ᠨᠡᠭᠡᠯᠡᠭᠡᠢ ᠪᠠᠨ ᠬᠠᠭᠠᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ᠃ ᠬᠠᠭᠠᠭᠰᠠᠨ ᠤ ᠲᠠᠷᠠᠭ᠎ᠠ ᠪᠠᠰᠠ ᠦᠮᠡᠬᠡᠢ ᠦᠨᠦᠷ ᠲᠠᠢ ᠪᠣᠯ ᠰᠢᠲᠠᠮᠠᠬᠠᠢ ᠬᠡᠢ ᠶᠢᠨ ᠺᠤᠮᠫᠠᠨᠢ ᠶᠢᠨ ᠠᠵᠢᠯᠲᠠᠨ  ᠲᠠᠢ ᠳᠠᠷᠤᠶᠢᠬᠠᠨ ᠬᠠᠷᠢᠯᠴᠠᠵᠤ ᠪᠠᠶᠢᠴᠠᠭᠠᠯᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠬᠥᠮᠥᠰ ᠬᠦᠷᠴᠦ ᠢᠷᠡᠬᠦ ᠠᠴᠠ ᠡᠮᠦᠨ᠎ᠡ᠂ ᠶᠠᠭᠠᠬᠢᠭᠰᠠᠨ ᠴᠤ ᠥᠷᠥᠭᠡᠨ ᠲᠡᠭᠡᠨ ᠰᠠᠭᠤᠵᠤ ᠪᠤᠯᠬᠤ ᠦᠭᠡᠢ᠂ ᠳ᠋ᠧᠩ ᠠᠰᠠᠭᠠᠵᠤ ᠪᠤᠯᠬᠤ ᠦᠭᠡᠢ᠂ ᠨᠠᠩ ᠴᠤ ᠢᠯᠠ ᠭᠠᠯ ᠬᠡᠷᠡᠭᠯᠡᠵᠦ ᠪᠤᠯᠬᠤ ᠦᠭᠡᠢ᠃   ᠰᠢᠲᠠᠮᠠᠬᠠᠢ ᠪᠣᠳᠠᠰ ᠢ ᠵᠤᠤᠬ᠎ᠠ ᠠᠴᠠ ᠬᠤᠯᠠ ᠲᠠᠯᠪᠢᠨ᠎ᠠ  ᠰᠢᠲᠠᠮᠠᠬᠠᠢ ᠬᠡᠢ ᠶᠢᠨ ᠵᠤᠤᠬ᠎ᠠ ᠶᠢᠨ ᠡᠷᠭᠢᠨ ᠲᠣᠭᠤᠷᠢᠨ ᠳᠤ ᠲᠤᠰᠤᠨ ᠯᠣᠩᠬᠤ᠂ ᠠᠷᠢᠬᠢᠨ ᠯᠣᠩᠬᠤ᠂ ᠪᠠᠭᠰᠤᠷᠭ᠎ᠠ  ᠶᠢᠨ ᠯᠣᠩᠬᠤ ᠵᠡᠷᠭᠡ ᠲᠣᠭᠤᠭᠠᠨ ᠭᠡᠷ ᠲᠤ ᠦᠷᠭᠦᠯᠵᠢ ᠬᠡᠷᠡᠭᠯᠡᠳᠡᠭ ᠡᠯ᠎ᠡ ᠵᠦᠢᠯ ᠤᠨ ᠪᠣᠳᠠᠰ ᠢ ᠲᠠᠯᠪᠢᠵᠤ ᠪᠤᠯᠬᠤ ᠦᠭᠡᠢ᠃ ᠪᠠᠰᠠ ᠴᠠᠭᠠᠰᠤᠨ ᠬᠠᠶᠢᠷᠴᠠᠭ᠂ ᠬᠤᠯᠤᠰᠤᠨ ᠰᠠᠭᠰᠤ ᠵᠡᠷᠭᠡ ᠪᠣᠳᠠᠰ ᠢ ᠲᠠᠯᠪᠢᠵᠤ ᠪᠤᠯᠬᠤ ᠦᠭᠡᠢ᠂ ᠭᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃  
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号