ᠶᠡᠷᠦᠩᠬᠡᠶ ᠱᠦᠵᠢ ᠰᠢ ᠶᠢᠨ ᠫᠢᠩ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ | ᠳᠡᠭᠡᠳᠦ ᠬᠡᠮᠵᠢᠶ᠎ᠡ ᠪᠠᠷ ᠬᠦᠨᠳᠦᠳᠭᠡᠨ ᠦᠵᠡᠵᠥ᠂ ᠤᠯᠠᠮᠵᠢᠯᠠᠭᠴᠢ ᠶᠢ ᠢᠳᠡᠪᠬᠢᠲᠡᠶ ᠪᠠᠷ ᠬᠥᠮᠦᠵᠢᠭᠦᠯᠵᠦ᠂ ᠦᠶ᠎ᠡ | ᠵᠠᠯᠭᠠᠨ ᠤᠯᠠᠮᠵᠢᠯᠠᠬᠤ ᠬᠡᠷᠡᠭᠲᠡᠶ ᠭᠡᠵᠥ ᠴᠢᠬᠤᠯᠠᠴᠢᠯᠠᠪᠠ ᠃ ᠣᠶᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠤᠨ ᠬᠢᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠡᠩᠨᠡᠭᠡᠨ ᠤ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠣᠷᠠᠯ ᠤᠷᠠᠯᠢᠭ ᠬᠤᠤᠰᠯᠠᠭᠰᠠᠨ᠂ ᠤᠷ᠎ᠠ | ᠮᠡᠷᠭᠡᠰᠢᠯ ᠴᠠᠠᠭᠠᠷᠠᠬᠰᠠᠨ ᠨᠢᠭᠡᠨ ᠪᠦᠯᠦᠭ ᠬᠦᠮᠦᠰ ᠢᠯᠡᠷᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠬᠤ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠨᠡᠶᠢᠲᠡᠯᠢᠭ ᠲᠥᠯᠥᠭᠡᠯᠡᠭᠴᠢ ᠴᠣᠯᠭᠤᠷᠠᠨ | ᠪᠤᠯᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠤᠯᠢ︾ ᠵᠢᠴᠢ ︽ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠨ ᠵᠠᠯᠭᠠᠮᠵᠢᠯᠠᠭᠴᠢ ᠶᠢ ᠲᠤᠬᠳᠠᠭᠠᠬᠤ ᠬᠢᠭᠡᠳ ᠬᠠᠮᠢᠶᠠᠷᠬᠤ ᠠᠷᠭ᠎ᠠ︾ ᠶᠢᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ | ᠴᠢᠨᠠᠷᠲᠠᠶ ᠬᠠᠮᠠᠭᠠᠯᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ ᠤᠨ | ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠬᠤ ᠪᠠ ᠤᠯᠠᠮᠵᠢᠯᠠᠬᠤ ᠶᠢᠨ ᠲᠤᠰᠠᠳᠠ ᠂ 2025 ᠣᠨ ᠤ 3 | ᠰᠠᠷ᠎ᠠ ᠶᠢᠨ 17 ᠤ ᠡᠳᠦᠷ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠵᠢᠷᠭᠤᠳᠤᠭᠠᠷ ᠪᠦᠯᠦᠭ ᠂ | ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ | ᠨᠡᠷᠡᠰ ᠢ ᠵᠢᠩᠬᠢᠨᠢ ᠪᠠᠷ ᠨᠡᠶᠢᠲᠡᠯᠡᠪᠡ᠃ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠪᠤᠯᠬᠤ ᠬᠤᠯᠪᠣᠭ᠎ᠠ ᠶᠢᠨ ᠤᠯᠠᠮᠵᠢᠯᠠᠬᠴᠢ ︵ᠬᠠᠢ ᠴᠢᠩ︶᠂ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠤᠯᠬᠤ ᠮᠣᠩᠭᠤᠯ ᠡᠮᠨᠡᠯᠭᠡ ᠶᠢᠨ ᠶᠠᠰᠤ | ᠪᠠᠷᠢᠬᠤ ᠵᠠᠰᠠᠯ ᠤᠨ ᠵᠠᠯᠭᠠᠮᠵᠢᠯᠠᠭᠴᠢ ᠬᠦᠦᠳᠠᠯᠠᠢ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ | ᠴᠣᠯᠠ ᠶᠢ ᠢᠷᠠᠭᠤ ᠠᠯᠳᠠᠷᠲᠠᠶ ᠪᠠᠷ ᠬᠦᠷᠲᠡᠪᠡ᠃ ᠡᠨᠡ ᠪᠣᠯ ᠬᠤᠶᠠᠷ ᠤᠯᠠᠮᠵᠢᠯᠠᠭᠴᠢ ᠶᠢᠨ ᠬᠤᠪᠢ ᠬᠥᠮᠦᠨ ᠤ | ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ᠂ ᠨᠠᠩ ᠴᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠴᠢᠬᠤᠯᠠ ᠶᠡᠭᠡ ᠦᠷ᠎ᠡ ᠪᠦᠲᠦᠭᠡᠯ | ᠪᠣᠯᠤᠨ᠎ᠠ᠃ ᠲᠡᠳᠡ ᠭᠦᠨ ᠵᠤᠵᠠᠭᠠᠨ ᠤᠷ᠎ᠠ ᠮᠡᠷᠭᠡᠵᠢᠯ ᠤᠨ ᠰᠠᠭᠤᠷᠢ ᠪᠠ ᠴᠥᠬᠦᠷᠡᠰᠢ ᠦᠭᠡᠢ ᠤᠯᠠᠮᠵᠢᠯᠠᠬᠤ | ᠬᠠᠯᠠᠭᠤᠨ ᠰᠡᠳᠬᠢᠯᠭᠡ ᠪᠠᠷ ᠬᠤᠯᠪᠣᠭ᠎ᠠ ᠪᠣᠯᠤᠨ ᠮᠣᠩᠭᠤᠯ ᠡᠮᠨᠡᠯᠭᠡ ᠶᠢᠨ ᠶᠠᠰᠤ ᠪᠠᠷᠢᠬᠤ ᠵᠠᠰᠠᠯᠭ᠎ᠠ ᠭᠡᠬᠦ ᠡᠨᠡ ᠬᠤᠶᠠᠷ | ᠵᠦᠢᠯ ᠤᠨ ᠬᠤᠪᠣᠷ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ | ᠰᠠᠴᠤᠷᠠᠭᠤᠯᠵᠤ᠂ ᠦᠨᠳᠦᠰᠦᠲᠡᠨ ᠤ ᠰᠣᠶᠣᠯ ᠢ ᠦᠷᠭᠦᠯᠵᠢᠯᠡᠨ ᠬᠥᠭᠵᠢᠭᠦᠯᠬᠦ ᠳᠤ ᠭᠠᠷᠮᠠᠭᠠᠢ ᠬᠤᠪᠢ ᠨᠡᠮᠡᠷᠢ | ᠦᠵᠡᠭᠦᠯᠪᠡ᠃ | ᠲᠤᠪᠴᠢ ᠨᠠᠮᠳᠠᠷ᠄ ᠰᠢᠪᠠᠭᠤ ︵ᠬᠠᠢ ᠴᠢᠩ︶᠂ ᠡᠷᠡᠭᠳᠡᠢ᠂ ᠮᠤᠩᠭᠤᠯ ᠦᠨᠳᠤᠰᠤᠳᠡᠨ᠂ ᠮᠤᠩᠭᠤᠯ | ᠦᠨᠳᠦᠰᠦᠳᠡᠨ ᠤ ᠲᠠᠭᠤᠤ ᠶᠢᠨ ᠤᠷᠠᠯᠢᠭᠴᠢᠨ᠂ ᠲᠦᠩᠯᠢᠶᠤᠤ ᠬᠤᠳᠠ ᠶᠢᠨ ᠬᠤᠷᠴᠢᠨ ᠵᠡᠬᠦᠨ ᠭᠠᠷᠤᠨ ᠬᠤᠶᠢᠳᠤ | ᠬᠤᠰᠢᠭᠤᠨ ᠤ ᠵᠢᠷᠭᠠᠯᠠᠩ ᠪᠠᠯᠭᠠᠰᠤᠨ ᠤ ᠵᠡᠭᠦᠨ ᠰᠤᠭᠤ ᠭᠠᠴᠠᠭ᠎ᠠ ᠶᠢᠨ ᠬᠦᠮᠦᠨ᠂ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠬᠤᠯᠪᠤᠭ᠎ᠠ ᠶᠢᠨ ᠵᠠᠯᠭᠠᠮᠵᠢᠯᠠᠭᠴᠢ᠂ ᠦᠪᠦᠷ ᠮᠤᠩᠭᠤᠯ ᠤᠨ | ᠦᠨᠳᠦᠰᠦᠳᠡᠨ ᠤ ᠲᠠᠭᠤᠤ ᠬᠦᠭᠵᠢᠮ ᠢ ᠤᠯᠠᠮᠵᠢᠯᠠᠨ ᠵᠠᠯᠭᠠᠮᠵᠢᠯᠠᠬᠤ ᠦᠷᠳᠡᠭᠡᠨ ᠤ ᠤᠨᠴᠠ ᠤᠷᠢᠭᠰᠠᠨ ᠤᠷᠠᠯᠢᠭᠴᠢᠨ᠂ | ᠬᠤᠷᠴᠢᠨ ᠤ ᠲᠤᠤᠯᠢ ᠤᠯᠠᠮᠵᠢᠯᠠᠨ ᠵᠠᠯᠭᠠᠮᠵᠢᠯᠠᠬᠤ ᠦᠷᠳᠡᠭᠡᠨ ᠤ ᠤᠨᠴᠠ ᠤᠷᠢᠭᠰᠠᠨ ᠤᠷᠠᠯᠢᠭᠴᠢᠨ᠂ ᠲᠦᠩᠯᠢᠶᠤᠤ | ᠬᠤᠳᠠ ᠶᠢᠨ ᠲᠠᠭᠤᠷᠢᠯᠢᠬ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ᠃ ᠥᠩᠭᠡᠷᠡᠭᠰᠡᠨ ᠳᠤ ᠤᠯᠤᠰ ᠤᠨ ᠲᠠᠰ ᠤᠨ | ᠥᠪᠡᠷᠲᠡᠭᠡᠨ ᠵᠠᠰᠠᠬᠤ ᠣᠷᠣᠨ ᠤ ᠲᠠᠰ ᠤᠨ ᠲᠣᠭᠯᠠᠯᠲᠠ ᠵᠢᠴᠢ ᠤᠷᠤᠯᠳᠤᠭᠠᠨ ᠳᠤ ᠣᠯᠠᠨ ᠤᠳᠠᠭ᠎ᠠ ᠣᠷᠣᠯᠴᠠᠵᠤ | ᠥᠩᠭᠡᠷᠡᠵᠡᠶ᠃ ᠰᠢᠯᠢᠳᠡᠭ ᠪᠦᠲᠦᠭᠡᠯ ᠢ ᠵᠠᠭᠤ ᠭᠠᠷᠤᠢ ᠵᠣᠬᠢᠶᠠᠨ ᠪᠦᠲᠦᠭᠡᠪᠡ | | ᠬᠤ᠋ ᠲᠠᠯᠠᠢ ᠂ ᠡᠷᠡᠭᠲᠡᠢ᠂ ᠮᠣᠩᠭᠤᠯ ᠦᠨᠳᠦᠰᠦᠲᠡᠨ᠂ ᠤᠤᠯ ᠤᠨ ᠲᠦᠩᠯᠢᠶᠣᠤ ᠬᠤᠲᠠ ᠶᠢᠨ ᠮᠣᠩᠭᠤᠯ | ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ | ᠡᠮᠴᠢ᠂ ᠬᠤᠶᠠᠳᠤᠭᠠᠷ ᠳᠡᠰ ᠤᠨ ᠫᠷᠤᠹᠧᠰᠰᠤᠷ᠂ ᠤᠤᠯ ᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠠᠰᠫᠢᠷᠠᠨᠲ ᠤᠨ ᠵᠢᠯᠣᠭᠤᠳᠣᠭᠴᠢ ᠪᠠᠭᠰᠢ᠃ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ | ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠳᠡᠯᠡᠬᠡᠶ ᠶᠢᠨ ᠳᠤᠮᠳᠠᠳᠤ ᠤᠯᠤᠰ ᠤᠨ ᠬᠤᠯᠪᠣᠭᠠᠲᠤ ᠬᠤᠷᠠᠯ ᠤᠨ | ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠰᠤᠳᠤᠯᠭᠠᠨ ᠤ ᠲᠤᠰᠬᠠᠶ ᠮᠡᠷᠭᠡᠵᠢᠯ ᠤᠨ | ᠵᠥᠪᠯᠡᠯ ᠤᠨ ᠳᠡᠳ᠋ ᠳᠠᠷᠤᠭ᠎ᠠ᠂ ᠳᠡᠯᠡᠬᠡᠶ ᠶᠢᠨ ᠬᠢᠲᠠᠳ ᠡᠮ ᠡᠮᠨᠡᠯᠭᠡ ᠶᠢᠨ ᠰᠤᠳᠤᠯᠭᠠᠨ ᠤ ᠨᠡᠶᠢᠭᠡᠮᠯᠢᠭ ᠤᠨ | ᠬᠤᠯᠪᠣᠭᠠᠲᠤ ᠬᠤᠷᠠᠯ ᠤᠨ ᠳᠤᠮᠳᠠᠳᠤ ᠤᠯᠤᠰ ᠤᠨ ᠤᠯᠠᠮᠵᠢᠯᠠᠯᠲᠤ ᠡᠮ ᠡᠮᠨᠡᠯᠭᠡ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠠᠵᠤ ᠦᠢᠯᠡᠰ ᠤᠨ ᠬᠤᠯᠪᠣᠭ᠎ᠠ ᠶᠢᠨ ᠪᠠᠶᠢᠩᠭᠤ ᠶᠢᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ | ᠢᠷᠡᠭᠡᠳᠦᠶ ᠶᠢᠨ ᠰᠤᠳᠤᠯᠭᠠᠨ ᠤ ᠨᠡᠶᠢᠭᠡᠮᠯᠢᠭ ᠤᠨ ᠬᠢᠲᠠᠳ ᠡᠮ ᠡᠮᠨᠡᠯᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ | ᠬᠤᠪᠢᠶᠠᠷᠢ ᠨᠡᠶᠢᠭᠡᠮᠯᠢᠭ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠨᠡᠶᠢᠭᠡᠮᠯᠢᠭ ᠤᠨ | ᠠᠩᠬᠠᠳᠤᠭᠠᠷ ᠬᠤᠭᠤᠴᠠᠭᠠᠨ ᠤ ᠳᠡᠳ᠋ ᠳᠠᠷᠤᠭ᠎ᠠ᠂ ᠮᠣᠩᠭᠤᠯ ᠡᠮᠨᠡᠯᠭᠡ ᠶᠢᠨ ᠶᠠᠰᠦᠨ ᠤ ᠰᠢᠷᠠᠬᠳᠤᠯ ᠤᠨ ᠰᠢᠨᠵᠢᠯᠡᠬᠦ | ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠃ | |