ᠭᠦᠸᠧ ᠲᠢᠶᠠᠨ ᠪᠦᠦ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠢᠯ ᠢ ᠲᠥᠰᠦᠪᠯᠡᠬᠦ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2025/5/12
   5 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠳᠤᠮᠳᠠᠳᠤ ᠤᠯᠤᠰ ᠤᠨ ᠲᠣᠭᠠᠴᠢᠯᠠᠭᠰᠠᠨ ᠬᠥᠳᠡᠭᠡ ᠲᠣᠰᠬᠤᠨ ᠤ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠤᠨ ᠬᠡᠷᠡᠭᠵᠢᠭᠦᠯᠬᠦ ᠨᠠᠷᠢᠨ ᠪᠢᠴᠢᠭ ᠤᠨ ᠳᠠᠷᠤᠭ᠎ᠠ ᠵᠠᠩ ᠷᠦᠩ ᠴᠦᠨ ᠨᠡᠷ ᠯᠤᠭ᠎ᠠ ᠵᠣᠯᠭᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠥᠷᠥᠯ ᠵᠦᠢᠯ ᠤᠨ ᠲᠦᠰᠦᠪᠯᠡᠯ ᠢ ᠭᠤᠶᠤᠴᠢᠯᠠᠨ ᠮᠡᠳᠡᠭᠦᠯᠬᠦ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠲᠣᠭᠲᠠᠭᠠᠪᠠ᠃ ᠬᠤᠰᠢᠭᠤᠨ ᠤ ᠤᠳᠤᠷᠢᠳᠤᠯᠭ᠎ᠠ ᠸᠠᠩ ᠶᠢᠨ ᠴᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
 郭天宝调度农业农村发展规划编制.jpg
    ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠳᠡᠭᠡᠳᠦ ᠱᠠᠲᠤᠨ ᠤ ᠠᠵᠢᠯ ᠲᠦᠷᠦᠯ ᠤᠨ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠪᠦᠯᠬᠦᠮ ᠲᠠᠢ ᠨᠢᠭᠲᠠ ᠬᠠᠮᠵᠢᠯᠴᠠᠨ ᠬᠠᠮᠲᠤᠷᠠᠯᠴᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ︽ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠶᠢ ᠵᠡᠷᠭᠡᠪᠡᠷ ᠠᠬᠢᠭᠤᠯᠵᠤ᠂ ᠦᠷᠭᠦᠯᠵᠢᠯᠡᠬᠦ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠯᠤᠰ ᠬᠡᠲᠦ ᠶᠢᠨ ᠪᠠᠶᠢᠷᠢ ᠲᠣᠭᠲᠠᠭᠠᠯᠲᠠ ᠪᠠ ᠮᠠᠨ ᠤ ᠬᠤᠰᠢᠭᠤᠨ ᠤ ᠪᠣᠳᠠᠲᠠᠶ ᠨᠥᠬᠦᠴᠡᠯ ᠳᠤ ᠰᠠᠭᠤᠷᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠲᠥᠯᠥᠪᠵᠢᠭᠦᠯᠭᠡ ᠶᠢ ︽ᠦᠨᠳᠦᠰᠦᠨ ᠱᠠᠲᠤᠨ ᠳᠤ ᠣᠶᠢᠷᠠᠲᠤᠭᠤᠯᠬᠤ︾᠂ ᠲᠥᠷᠥᠯ ᠵᠦᠢᠯ ᠢ ︽ᠦᠷ᠎ᠡ ᠳ᠋ᠦᠩ ᠲᠠᠢ ᠪᠠᠶᠢᠯᠭᠠᠬᠤ︾ ᠶᠢ ᠪᠠᠲᠤᠯᠠᠵᠤ᠂ ᠲᠥᠯᠥᠪᠵᠢᠭᠦᠯᠭᠡ ᠪᠠᠷ ᠬᠥᠭᠵᠢᠯᠲᠡ ᠶᠢ ᠬᠥᠲᠥᠯᠦᠨ ᠳᠠᠭᠠᠭᠤᠯᠬᠤ᠂ ᠲᠥᠷᠥᠯ ᠵᠦᠢᠯ ᠢᠶᠠᠷ ᠨᠡᠮᠡᠭᠳᠡᠯ ᠢ ᠳᠠᠶᠢᠴᠢᠯᠠᠬᠤ ᠭᠤᠤᠯᠯᠠᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ ᠨᠡᠶᠢᠲᠡᠯᠢᠭ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠪᠠᠭ᠎ᠠ ᠬᠡᠪᠴᠢᠶᠡᠨ ᠤ᠂ ᠶᠡᠭᠡ ᠬᠠᠮᠲᠤᠯᠢᠭ︾ ᠤᠨ ᠬᠥᠭᠵᠢᠯᠲᠡ ᠶᠢᠨ ᠵᠠᠭᠪᠤᠷ ᠢ ᠪᠠᠷᠢᠮᠲᠠᠯᠠᠵᠤ᠂ ︽ᠪᠠᠭ᠎ᠠ ᠬᠡᠰᠡᠭ︾ ᠢᠶᠠᠷ ᠤᠨᠢᠨ ᠳᠡᠭᠡᠷ᠎ᠡ ᠨᠢ ᠬᠦᠴᠦᠯᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠠᠯᠬᠤᠮ ᠠᠯᠬᠤᠮ ᠢᠶᠠᠷ ᠬᠤᠪᠢᠷᠠᠭᠤᠯᠵᠤ᠂ ᠤᠯᠠᠨ ᠡᠰᠢᠴᠢᠯᠡᠭᠰᠡᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号