5 ᠰᠠᠷ᠎ᠠ ᠶᠢᠨ 10 ᠤ ᠡᠳᠦᠷ ᠠᠴᠠ ᠡᠬᠢᠯᠡᠨ ᠤᠷᠤᠭ ᠤᠨ ᠭᠡᠷᠡᠴᠢ ᠠᠪᠬᠤ ᠳᠤ ᠡᠷᠦᠬᠡ ᠠᠮᠠ ᠶᠢᠨ ᠳᠡᠪᠲᠡᠷ ᠬᠡᠷᠡᠭᠯᠡᠬᠦ ᠦᠭᠡᠢ
ᠨᠡᠶᠢᠲᠡᠯᠡᠭᠰᠡᠨ ᠴᠠᠭ᠄
2025/5/12
    ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠤᠷᠤᠭ ᠳᠠᠩᠰᠠᠯᠠᠬᠤ ᠳᠦᠷᠢᠮ︾ ᠢ 5 ᠰᠠᠷ᠎ᠠ ᠶᠢᠨ 10 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ︽ᠲᠦᠷᠢᠮ︾ ᠳᠤ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ ᠳᠤ ᠭᠤᠷᠪᠠᠨ ᠲᠠᠯ᠎ᠠ ᠶᠢ ᠪᠠᠭᠲᠠᠭᠠᠨ᠎ᠠ᠄ ᠨᠢᠭᠡ ᠳᠤ ᠣᠷᠤᠭ ᠬᠤᠷᠢᠮ ᠬᠡᠷ ᠪᠦᠯᠢ ᠶᠢᠨ ᠦᠢᠯᠡᠴᠢᠯᠡᠭᠡᠨ ᠤ ᠠᠵᠢᠯ ᠤᠨ ᠠᠭᠤᠯᠭ᠎ᠠ ᠶᠢ ᠨᠡᠮᠡᠭᠳᠡᠭᠦᠯᠦᠨ᠎ᠡ᠂ ᠬᠤᠶᠠᠷ ᠲᠤ ᠣᠷᠤᠭ ᠳᠠᠩᠰᠠᠯᠠᠬᠤ ᠶᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠦᠨ᠎ᠡ᠂ ᠭᠤᠷᠪᠠ ᠳᠤ᠂ ᠣᠷᠤᠭ ᠳᠠᠩᠰᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃    ︽ᠳᠦᠷᠢᠮ︾ ᠳᠤ᠂ ᠤᠷᠤᠭ ᠳᠠᠩᠰᠠᠯᠠᠬᠤ ᠪᠠᠶᠢᠭᠤᠯᠤᠯᠭ᠎ᠠ ᠤᠷᠤᠭ ᠳᠠᠩᠰᠠᠯᠠᠭᠤᠯᠬᠤ ᠳᠤ ᠰᠦᠢᠳᠬᠡᠯ ᠠᠪᠴᠤ ᠪᠣᠯᠬᠤ ᠦᠭᠡᠶ ᠭᠡᠵᠦ ᠲᠣᠳᠣᠷᠬᠠᠶ ᠲᠣᠭᠲᠠᠭᠠᠵᠠᠶ᠃ ︽ᠳᠦᠷᠢᠮ︾ ᠢ ᠦᠨᠳᠦᠰᠦᠯᠡᠪᠡᠯ᠂ ᠤᠷᠤᠭᠯᠠᠬᠤ᠂ ᠤᠷᠤᠭ ᠰᠠᠯᠬᠤ ᠳᠠᠩᠰᠠᠯᠠᠯᠲᠠ ᠬᠢᠬᠦ ᠳᠤ ᠴᠥᠮ ᠡᠷᠦᠬᠡ ᠠᠮᠠ ᠶᠢᠨ ᠳᠡᠪᠲᠡᠷ ᠢᠶᠠᠨ ᠭᠠᠷᠭᠠᠵᠤ ᠦᠵᠡᠭᠦᠯᠬᠦ ᠴᠢᠬᠤᠯᠠ ᠦᠭᠡᠢ᠃    ᠤᠷᠤᠭ ᠪᠠᠷᠢᠯᠳᠤᠬᠤ    ᠤᠷᠤᠭ ᠳᠠᠩᠰᠠᠯᠠᠭᠤᠯᠬᠤ ᠪᠠᠷ ᠭᠤᠶᠤᠴᠢᠯᠠᠭᠰᠠᠨ ᠳᠣᠲᠣᠷ ᠭᠠᠵᠠᠷ ᠤᠨ ᠰᠠᠭᠤᠭᠠᠯᠢ ᠠᠷᠠᠳ ᠳᠣᠤᠷᠠᠬᠢ ᠦᠨᠡᠮᠯᠡᠯ ᠪᠠ ᠪᠢᠴᠢᠭᠯᠡᠭᠰᠡᠨ ᠮᠠᠲ᠋ᠧᠷᠢᠶᠠᠯ ᠢ ᠪᠦᠷᠢᠳᠦᠭᠦᠯᠬᠦ ᠬᠡᠷᠡᠭᠲᠡᠶ᠄    ᠲᠤᠰ ᠬᠥᠮᠥᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ    ᠲᠤᠰ ᠬᠦᠮᠦᠨ ᠬᠠᠨᠢ ᠨᠥᠬᠦᠷ ᠦᠭᠡᠢ ᠪᠤᠶᠤ ᠨᠥᠭᠦᠭᠡ ᠲᠠᠯ᠎ᠠ ᠶᠢᠨ ᠲᠤᠬᠠᠢ ᠶᠢᠨ ᠬᠦᠮᠦᠨ ᠲᠠᠢ ᠪᠠᠨ ᠰᠢᠭᠤᠳ ᠴᠢᠰᠤᠨ ᠲᠥᠷᠥᠯ ᠤᠨ ᠬᠠᠷᠢᠴᠠᠭ᠎ᠠ ᠪᠤᠶᠤ ᠭᠤᠷᠪᠠᠨ ᠦᠶ᠎ᠡ ᠳᠣᠲᠣᠷᠠᠬᠢ ᠰᠢᠭᠤᠳ  ᠴᠢᠰᠤᠨ ᠲᠥᠷᠥᠯ ᠤᠨ ᠬᠠᠷᠢᠴᠠᠭ᠎ᠠ ᠦᠭᠡᠢ ᠲᠤᠬᠠᠢ ᠲᠣᠳᠣᠷᠬᠠᠶᠢᠯᠠᠯᠲᠠ᠃   ᠤᠷᠤᠭ ᠳᠠᠩᠰᠠᠯᠠᠭᠤᠯᠬᠤ ᠪᠠᠷ ᠭᠤᠶᠤᠴᠢᠯᠠᠭᠰᠠᠨ ᠲᠤᠬᠠᠢ ᠶᠢᠨ ᠬᠥᠮᠦᠨ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠤᠷᠤᠭ ᠳᠠᠩᠰᠠᠯᠠᠬᠤ ᠪᠠᠶᠢᠭᠤᠯᠭ᠎ᠠ ᠤᠷᠤᠭ ᠳᠠᠩᠰᠠᠯᠠᠵᠤ ᠥᠭᠬᠦ ᠦᠭᠡᠢ᠄ ᠬᠠᠤᠯᠢ ᠳᠤ ᠲᠣᠭᠲᠠᠭᠠᠭᠰᠠᠨ ᠤᠷᠤᠭᠯᠠᠬᠤ ᠨᠠᠰᠤᠨ ᠳᠤ ᠬᠥᠷᠥᠭᠡᠳᠦᠶ︔ ᠡᠷᠡᠭᠲᠡᠢ ᠡᠮᠡᠭᠲᠡᠢ ᠬᠤᠶᠠᠷ ᠡᠲᠡᠭᠡᠳ ᠢᠶᠠᠷ ᠢᠶᠠᠨ ᠪᠦᠷᠢᠮᠦᠰᠦᠨ ᠰᠠᠶᠢᠨ ᠳᠤᠷ᠎ᠠ ᠶᠢᠨ ᠪᠢᠰᠢ︔ ᠨᠢᠭᠡ ᠲᠠᠯ᠎ᠠ ᠪᠤᠶᠤ ᠬᠤᠶᠠᠷ ᠲᠠᠯ᠎ᠠ ᠪᠠᠷ ᠢᠶᠠᠨ ᠨᠢᠭᠡᠨᠲᠡ ᠬᠠᠨᠢ ᠨᠥᠬᠦᠷ ᠲᠠᠢ ᠪᠣᠯᠤᠭᠰᠠᠨ︔ ᠰᠢᠭᠤᠳ ᠴᠢᠰᠤᠨ ᠲᠥᠷᠥᠯ ᠤᠨ ᠲᠥᠷᠥᠯ ᠪᠤᠶᠤ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠴᠢᠰᠤᠨ ᠲᠥᠷᠥᠯ ᠪᠣᠯᠬᠤ ᠳᠤ ᠲᠤᠭᠠᠴᠠᠭᠳᠠᠭᠰᠠᠳ᠃   ᠤᠷᠤᠭ ᠰᠠᠯᠬᠤ   ︽ᠳᠦᠷᠢᠮ︾ ᠳᠤ ᠳᠣᠲᠣᠷ ᠭᠠᠵᠠᠷ ᠤᠨ ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠤᠷᠤᠭ ᠰᠠᠯᠪᠠᠯ᠂ ᠡᠷᠡᠭᠲᠡᠢ ᠡᠮᠡᠭᠲᠡᠢ ᠬᠤᠶᠠᠷ ᠲᠠᠯ᠎ᠠ ᠪᠠᠷ ᠢᠶᠠᠨ ᠪᠢᠴᠢᠭ ᠤᠨ ᠬᠡᠯᠪᠡᠷᠢ ᠪᠠᠷ ᠤᠷᠤᠭ ᠰᠠᠯᠬᠤ ᠬᠡᠯᠡᠯᠴᠡᠭᠡᠷ ᠲᠣᠭᠲᠠᠵᠤ᠂ ᠪᠡᠶ᠎ᠡ ᠪᠠᠷ ᠢᠶᠠᠨ ᠤᠷᠤᠭ ᠳᠠᠩᠰᠠᠯᠠᠬᠤ ᠪᠠᠶᠢᠭᠤᠯᠭ᠎ᠠ ᠳᠤ ᠬᠦᠷᠴᠦ ᠬᠠᠮᠲᠤ ᠪᠠᠷ ᠤᠷᠤᠭ ᠰᠠᠯᠬᠤ ᠪᠠᠷ ᠭᠤᠶᠤᠴᠢᠯᠠᠬᠤ ᠬᠡᠷᠡᠭᠲᠡᠢ ᠭᠡᠵᠦ ᠲᠣᠭᠲᠠᠭᠠᠵᠠᠢ᠃ ᠤᠷᠤᠭ ᠰᠠᠯᠬᠤ ᠪᠠᠷ ᠭᠤᠶᠤᠴᠢᠯᠠᠬᠤ ᠳᠤ ᠳᠣᠲᠣᠷ ᠭᠠᠵᠠᠷ ᠤᠨ ᠰᠠᠭᠤᠭᠠᠯᠢ ᠠᠷᠠᠳ ᠳᠣᠣᠷ᠎ᠠ ᠵᠢᠭᠰᠠᠭᠠᠭᠰᠠᠨ ᠭᠡᠷᠡᠴᠢ ᠲᠡᠮᠳᠡᠭ ᠢ ᠪᠦᠷᠢᠳᠦᠭᠦᠯᠬᠦ ᠬᠡᠷᠡᠭᠲᠡᠢ᠄   ᠲᠤᠰ ᠬᠥᠮᠥᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ   ᠲᠤᠰ ᠬᠦᠮᠦᠨ ᠤ ᠭᠡᠷᠯᠡᠯᠲᠡ ᠶᠢᠨ ᠪᠠᠲᠤᠯᠠᠪᠤᠷᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号