︽ᠭᠦᠨ ᠵᠠᠶᠢᠯᠠᠵᠤ ᠭᠦᠶᠦᠭᠡᠨ ᠪᠤᠯᠠᠬᠤ︾ ᠮᠤᠳᠤ ᠵᠠᠶᠢᠯᠠᠬᠤ ᠠᠷᠭ᠎ᠠ
ᠨᠡᠶᠢᠲᠡᠯᠡᠭᠰᠡᠨ ᠴᠠᠭ᠄
2025/5/12
   ︽ᠭᠦᠨ ᠵᠠᠶᠢᠯᠠᠵᠤ ᠭᠦᠶᠦᠭᠡᠨ ᠪᠤᠯᠠᠬᠤ︾ ᠮᠤᠳᠤ ᠵᠠᠶᠢᠯᠠᠬᠤ ᠠᠷᠭ᠎ᠠ ᠪᠣᠯ ᠨᠢᠭᠡ ᠵᠦᠢᠯ ᠤᠨ ᠭᠦᠨ ᠨᠦᠬᠡᠨ ᠳᠤ ᠴᠢᠬᠢ ᠰᠠᠭᠤᠯᠭᠠᠵᠤ᠂ ᠭᠦᠢᠬᠡᠨ ᠳᠠᠪᠬᠤᠷᠭ᠎ᠠ ᠪᠠᠷ ᠰᠢᠷᠣᠢ ᠪᠦᠷᠬᠦᠬᠦ ᠴᠣ ᠰᠢᠨ᠎ᠡ ᠲᠠᠷᠢᠬᠤ ᠮᠡᠷᠭᠡᠵᠢᠯ ᠪᠣᠯᠤᠨ᠎ᠠ᠂ ᠳᠤᠮᠳᠠ᠂ ᠲᠤᠮᠤ ᠲᠤᠷᠤᠭ ᠮᠣᠳᠣᠨ ᠤ ᠴᠢᠬᠢ ᠪᠠ ᠬᠡᠰᠡᠭ ᠪᠤᠲᠠᠯᠢᠭ ᠮᠣᠳᠣ ᠵᠠᠶᠢᠯᠠᠬᠤ ᠳᠤ ᠲᠤᠬᠢᠷᠠᠨ᠎ᠠ᠃ ᠡᠨᠡ ᠬᠦ ᠵᠦᠢᠯ ᠤᠨ ᠲᠠᠷᠢᠬᠤ ᠠᠷᠭ᠎ᠠ ᠨᠢ ᠤᠯᠠᠮᠵᠢᠯᠠᠯᠲᠤ ︽ᠭᠤᠷᠪᠠ ᠪᠤᠯᠠᠬᠤ᠂ ᠬᠤᠶᠠᠷ ᠭᠢᠰᠬᠢᠬᠦ᠂ ᠨᠢᠭᠡ ᠴᠢᠬᠢ ᠶᠢ ᠴᠢᠩᠭᠠᠭᠠᠬᠤ︾ ᠮᠡᠷᠭᠡᠵᠢᠯ ᠢ ︽ᠭᠦᠨ ᠨᠦᠬᠡ ᠮᠠᠯᠳᠠᠬᠤ᠂ ᠬᠤᠶᠠᠷ ᠤᠳᠠᠭ᠎ᠠ ᠰᠢᠷᠤᠢ ᠤᠷᠤᠭᠤᠯᠬᠤ᠂ ᠨᠢᠭᠡ ᠤᠳᠠᠭ᠎ᠠ ᠤᠰᠤᠯᠠᠬᠤ ᠤᠰᠤ᠂ ᠨᠢᠭᠡ ᠤᠳᠠᠭ᠎ᠠ ᠭᠢᠰᠬᠢᠬᠦ︾ ᠪᠣᠯᠭᠠᠨ ᠬᠤᠪᠢᠷᠠᠭᠤᠯᠵᠤ᠂ ᠵᠠᠶᠢᠯᠠᠭᠰᠠᠨ ᠤ ᠳᠠᠷᠠᠭᠠᠬᠢ ᠴᠢᠬᠢ ᠮᠣᠳᠣ ᠶᠢ ᠰᠠᠯᠬᠢ ᠡᠯᠡᠰᠦ ᠳᠤ ᠰᠠᠪᠠᠨᠭᠳᠠᠬᠤ ᠶᠢ ᠪᠦᠲᠦᠮᠵᠢᠲᠡᠢ ᠪᠠᠭᠠᠰᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ᠂ ᠴᠢᠬᠢ ᠮᠤᠳᠤ ᠶᠢ  ᠲᠤᠭᠳᠠᠪᠤᠷᠢᠵᠢᠭᠤᠯᠬᠤ ᠬᠤᠭᠤᠴᠠᠭ᠎ᠠ ᠶᠢ ᠪᠣᠭᠤᠨᠢᠰᠬᠠᠵᠤ᠂ ᠣᠶᠢᠵᠢᠭᠤᠯᠬᠤ ᠬᠤᠷᠳᠤᠴᠠ ᠶᠢ ᠲᠦᠷᠭᠡᠳᠬᠡᠵᠦ ᠴᠢᠳᠠᠨ᠎ᠠ᠃    ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠳᠤ ︽ᠭᠦᠨ ᠵᠠᠶᠢᠯᠠᠵᠤ ᠭᠦᠶᠦᠭᠡᠨ ᠪᠤᠯᠠᠬᠤ︾ ᠮᠤᠳᠤ ᠵᠠᠶᠢᠯᠠᠬᠤ ᠮᠡᠷᠭᠡᠵᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠦᠭᠰᠡᠨ ᠤ ᠳᠠᠷᠠᠭ᠎ᠠ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠨᠢ ᠥᠩᠭᠡᠷᠡᠭᠰᠡᠨ ᠤ 50% ᠪᠠᠶᠢᠭᠰᠠᠨ ᠠᠴᠠ 90% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠰᠡᠨ ᠪᠥᠭᠡᠳ ᠴᠢᠬᠢ ᠮᠣᠳᠣᠨ ᠤ ᠤᠷᠭᠤᠴᠠ ᠶᠢᠨ ᠪᠠᠶᠢᠳᠠᠯ ᠨᠢ ᠰᠠᠶᠢᠨ ᠪᠠᠶᠢᠵᠤ᠂ ᠥᠪᠡᠷ ᠤᠨ ᠥᠷᠲᠡᠭ ᠢ ᠮᠦ ᠪᠦᠷᠢ ᠳᠤ ᠳᠤᠮᠳᠠᠴᠢ ᠪᠠᠷ ᠮᠢᠩᠭᠠᠨ ᠲᠥᠭᠦᠷᠢᠭ ᠠᠷᠪᠢᠯᠠᠵᠤ᠂ ᠪᠠᠰᠠ ᠨᠥᠬᠦᠵᠦ ᠳᠠᠷᠢᠬᠤ᠂ ᠨᠥᠬᠦᠵᠦ  ᠤᠶᠢᠵᠢᠭᠤᠯᠬᠤ ᠶᠠᠪᠤᠴᠠ ᠶᠢ ᠦᠭᠡᠶᠢᠰᠬᠡᠵᠦ᠂  ᠤᠰᠤᠯᠠᠬᠤ ᠤᠳᠠᠭ᠎ᠠ ᠶᠢ 50% ᠪᠠᠷ ᠪᠠᠭᠠᠰᠬᠠᠵᠤ᠂ ᠤᠰᠤᠨ ᠤ ᠡᠬᠢ ᠪᠠᠶᠠᠯᠢᠭ ᠢ 55.8% ᠪᠠᠷ ᠠᠷᠪᠢᠯᠠᠬᠤ ᠪᠣᠯᠤᠨ᠎ᠠ᠃ ᠤᠶᠢᠵᠢᠭᠤᠯᠬᠤ ᠠᠵᠢᠯ ᠤᠯᠠᠷᠢᠯ ᠤᠨ ᠴᠢᠨᠡᠷ ᠲᠤ ᠬᠢᠵᠠᠭᠠᠷᠯᠠᠭᠳᠠᠬᠤ ᠬᠦᠴᠢᠷ ᠠᠰᠠᠭᠤᠳᠠᠯ ᠢ ᠡᠪᠳᠡᠵᠦ᠂ ᠣᠯᠠᠩᠬᠢ ᠮᠣᠳᠣᠨ ᠤ ᠲᠥᠷᠥᠯ ᠵᠦᠢᠯ ᠢ ᠵᠢᠯ ᠤᠨ ᠳᠥᠷᠪᠡᠨ ᠤᠯᠠᠷᠢᠯ ᠳᠤ ᠴᠦᠮ ᠤᠶᠢᠵᠢᠭᠤᠯᠵᠤ ᠪᠣᠯᠬᠤ ᠪᠥᠭᠡᠳ ᠣᠯᠠᠨ ᠵᠦᠢᠯ ᠤᠨ ᠲᠤᠷᠤᠭ ᠮᠤᠳᠤ ᠪᠤᠲᠠ ᠮᠣᠳᠣᠨ ᠤ ᠲᠥᠷᠥᠯ ᠳᠤ ᠴᠦᠮ ᠲᠣᠬᠢᠷᠠᠨ᠎ᠠ᠃ ᠡᠨᠡ ᠬᠦ ᠮᠡᠷᠭᠡᠵᠢᠯ ᠢ ᠬᠡᠷᠡᠭᠯᠡᠬᠦ ᠪᠠ ᠳᠡᠯᠭᠡᠷᠡᠭᠦᠯᠬᠦ ᠨᠢ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠢ ︽ᠲᠦᠷᠭᠡᠨ ᠵᠠᠮ︾ ᠳᠤ ᠤᠷᠤᠭᠤᠯᠤᠭᠰᠠᠨ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号