ᠭᠦᠸᠧ ᠲᠢᠶᠠᠨ ᠪᠦᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠣᠭᠢᠷᠠᠭᠤᠯᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠠᠬᠢᠭᠤᠯᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠪᠣᠯᠪᠠᠰᠤᠨ᠂ ᠢᠦᠶ ᠰᠢᠶᠤᠤ ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
 郭天宝调度重点项目建设.jpg  
   ᠭᠦᠸᠧ ᠲᠢᠶᠠᠨ ᠪᠦᠦ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠤᠶᠠᠳᠤᠭᠠᠷ ᠤᠯᠠᠷᠢᠯ ᠤᠨ ︽ᠬᠤᠣᠰ ᠬᠠᠭᠠᠰ ᠢ ᠳᠠᠪᠠᠭ᠋ᠤ︾ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠵᠦᠢᠯ ᠤᠨ ᠴᠠᠭ ᠬᠤᠭᠤᠴᠠᠭ᠎ᠠ ᠪᠠ ᠡᠭᠦᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠡᠮᠬᠢᠯᠡᠨ ᠲᠣᠳᠣᠷᠬᠠᠶᠢᠯᠠᠵᠤ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠰᠠᠭᠤᠳᠠᠯ ᠢ ᠰᠢᠢᠳᠪᠦᠷᠢᠯᠡᠨ ᠬᠦᠴᠢᠷᠳᠡᠯ ᠢ ᠨᠢ ᠰᠢᠢᠳᠪᠦᠷᠢᠯᠡᠵᠦ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠠᠵᠠᠷ ᠲᠠᠲᠠᠪᠤᠷᠢᠯᠠᠬᠤ᠂ ᠲᠤᠨᠤᠭ ᠲᠥᠬᠦᠭᠡᠷᠦᠮᠵᠢ ᠶᠢ ᠵᠥᠪᠰᠢᠶᠡᠷᠡᠬᠦ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠬᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠶ ᠠᠩᠭᠢ ᠶᠢᠨ ᠲᠣᠬᠢᠷᠠᠭᠤᠯᠤᠯᠲᠠ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠵᠡᠷᠭᠡ ᠲᠣᠭᠲᠠᠴᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号