ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2025 ᠣᠨ ᠳᠤ ᠪᠥᠬᠦ ᠤᠯᠤᠰ ᠤᠨ ᠬᠡᠪᠴᠢᠶᠡᠨ ᠳᠤ | ᠬᠥᠮᠦᠨ ᠠᠮᠠ ᠶᠢᠨ ᠲᠣᠭᠲᠠᠮᠠᠯ ᠥᠯᠢᠭᠡᠷ ᠬᠡᠪ ᠢ ᠳᠠᠭᠠᠵᠤ ᠰᠤᠷᠪᠤᠯᠵᠢᠯᠠᠬᠤ ᠪᠠᠶᠢᠴᠠᠭᠠᠯᠲᠠ ᠥᠷᠨᠢᠭᠦᠯᠬᠦ ᠪᠠᠷ | ᠲᠣᠭᠲᠠᠪᠠ᠃ ᠪᠠᠶᠢᠴᠠᠭᠠᠯᠳᠠ ᠶᠢᠨ ᠳ᠋ᠦᠩ ᠢ ᠬᠥᠮᠦᠨ ᠠᠮᠠ ᠶᠢᠨ ᠬᠤᠪᠢᠷᠠᠯᠲᠠ ᠶᠢᠨ ᠪᠦᠷᠢᠳᠭᠡᠯ ᠢ ᠴᠢᠩᠭᠠᠳᠭᠠᠵᠤ | ᠬᠥᠮᠦᠨ ᠠᠮᠠ ᠶᠢᠨ ᠴᠢᠨᠠᠷ ᠰᠠᠶᠢᠳᠠᠢ ᠬᠥᠭᠵᠢᠯᠲᠡ ᠳᠤ ᠦᠢᠯᠡᠴᠢᠯᠡᠬᠦ ᠳᠤ ᠬᠡᠷᠡᠭᠯᠡᠨ᠎ᠡ᠃ | ᠬᠤᠶᠠᠷ ᠤᠳᠠᠭᠠᠨ ᠤ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠪᠣᠯ ᠲᠣᠰ ᠲᠣᠰ 6 ᠰᠠᠷ᠎ᠠ ᠶᠢᠨ 1 ᠤ ᠡᠳᠦᠷ ᠤᠨ | ᠲᠡᠭ ᠴᠠᠭ ᠪᠠ 11 ᠰᠠᠷ᠎ᠠ ᠶᠢᠨ 1 ᠤ ᠡᠳᠦᠷ ᠤᠨ ᠲᠡᠭ ᠴᠠᠭ ᠪᠣᠯᠤᠨ᠎ᠠ᠂ 6 ᠰᠠᠷ᠎ᠠ ᠶᠢᠨ 1 ᠤ ᠡᠳᠦᠷ ᠠᠴᠠ 6 | ᠰᠠᠷ᠎ᠠ ᠶᠢᠨ 25 ᠤ ᠡᠳᠦᠷ ᠪᠠ 11 ᠰᠠᠷ᠎ᠠ ᠶᠢᠨ 16 ᠤ ᠡᠳᠦᠷ ᠠᠴᠠ 12 ᠰᠠᠷ᠎ᠠ ᠶᠢᠨ 5 ᠤ ᠡᠳᠦᠷ ᠪᠣᠯᠲᠠᠯᠠᠬᠢ | ᠬᠤᠭᠤᠴᠠᠭᠠᠨ ᠳᠤ᠂ ᠪᠠᠶᠢᠴᠠᠭᠠᠭᠴᠢ ᠡᠷᠦᠬᠡ ᠳᠤ ᠬᠦᠷᠴᠦ ᠪᠠᠶᠢᠴᠠᠭᠠᠬᠤ ᠠᠵᠢᠯ ᠥᠷᠨᠢᠭᠦᠯᠦᠨ᠎ᠡ᠃ | ᠪᠠᠶᠢᠴᠠᠭᠠᠭᠳᠠᠬᠤ ᠡᠳᠡᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠶᠢᠨ ᠠᠷᠠᠳ ᠢᠷᠭᠡᠳ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠦᠨᠡᠨ | ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠬᠠᠩᠭᠠᠬᠤ ᠡᠬᠦᠷᠭᠡ ᠪᠠᠨ ᠬᠢᠨᠠᠮᠠᠭᠠᠢ | ᠬᠦᠢᠴᠡᠳᠭᠡᠵᠦ᠂ ᠪᠠᠶᠢᠴᠠᠭᠠᠭᠴᠢ ᠶᠢᠨ ᠯᠠᠪᠯᠠᠨ ᠠᠰᠠᠭᠤᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠬᠥᠮᠦᠰ ᠤᠨ | ᠮᠡᠳᠡᠭᠡ ᠵᠠᠩᠭᠢ ᠶᠢ ᠦᠨᠡᠨ ᠪᠣᠳᠠᠲᠠᠶ ᠮᠡᠳᠡᠬᠦᠯᠬᠦ ᠬᠡᠷᠡᠭᠳᠡᠢ᠃ |