ᠭᠦᠸᠧ ᠲᠢᠶᠠᠨ ᠪᠦᠦ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃    ᠭᠦᠸᠧ ᠲᠢᠶᠠᠨ ᠪᠦᠦ ᠵᠢᠤᠢ ᠷᠦᠩ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠨ ᠷᠦᠩ ᠱᠧᠩ᠂ ᠶᠢᠩ ᠲᠦᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠰᠢᠨ ᠶᠤᠸᠠᠨ᠂ ᠱᠧᠩ ᠨᠧᠩ ᠡᠨᠧᠷᠭᠢ ︵ᠵᠧᠵᠢᠶᠠᠩ︶ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠸᠠ ᠯᠢᠦ ᠲᠠᠢ ᠵᠤᠯᠭᠠᠭᠤᠯᠤᠨ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠤᠭᠤᠯᠠᠢ ᠱᠤᠭᠤᠮ ᠤᠨ ᠥᠭᠡᠷᠡᠴᠢᠯᠡᠯᠲᠡ ᠶᠢ ᠠᠬᠢᠭᠤᠯᠬᠤ ᠶᠢᠨ ᠬᠠᠮᠲᠤ ᠬᠡᠷᠡᠭᠯᠡᠬᠦ ᠵᠦᠢᠯᠡᠰ ᠪᠣᠯᠣᠨ ᠥᠨᠳᠥᠷ ᠳᠤᠯᠠᠭᠠᠨ ᠠᠭᠠᠷ ᠢᠶᠠᠷ ᠡᠨᠧᠷᠭᠢ ᠬᠠᠳᠠᠭᠠᠯᠠᠬᠤ ᠰᠢᠰᠲ᠋ᠧᠮ ᠤᠨ ᠬᠡᠷᠡᠭᠯᠡᠯᠲᠡ ᠵᠡᠷᠭᠡ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃     ᠠᠵᠤ ᠠᠬᠤᠶᠢᠯᠠᠯ ᠤᠨ ᠬᠢᠨ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠣᠰ ᠤᠨ ᠡᠬᠢ ᠪᠠᠶᠠᠯᠢᠭ᠂ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠲᠣ ᠦᠶ᠎ᠡ ᠶᠢᠨ ᠡᠨᠧᠷᠭᠢ ᠶᠢᠨ ᠰᠢᠰᠲ᠋ᠧᠮ ᠢ ᠬᠠᠮᠲᠤ ᠪᠠᠷ ᠪᠠᠶᠢᠭᠤᠯᠵᠤ᠂ ᠡᠨᠧᠷᠭᠢ ᠶᠢᠨ ᠬᠠᠮᠲᠤᠷᠠᠯᠴᠠᠭᠠᠨ ᠤ ᠵᠠᠭᠪᠤᠷ ᠢ ᠪᠣᠶ ᠪᠣᠯᠭᠠᠵᠤ᠂ ᠬᠤᠶᠢᠲᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠬᠥᠳᠡᠯᠭᠡᠭᠦᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃    ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠳᠤ ᠬᠦᠰᠡᠯ ᠡᠷᠡᠮᠡᠯᠵᠡᠯ ᠳᠦᠭᠦᠷᠡᠩ ᠪᠠᠶᠢᠨ᠎ᠠ᠂ ᠢᠳᠡᠪᠬᠢᠲᠡᠢ ᠪᠠᠷ ᠬᠠᠮᠲᠤᠷᠠᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠪᠡᠶᠡᠯᠡᠭᠦᠯᠬᠦ ᠶᠢᠨ ᠬᠠᠮᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号