ᠴᠢᠦ ᠵᠢᠶᠦ᠋ᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/6
    5 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠪᠠᠭᠠᠳᠠᠯ᠎ᠠ ᠰᠤᠮᠤ᠂ ᠭᠠᠨᠵᠤᠭ᠎ᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠴᠢᠦ ᠵᠢᠶᠦ᠋ᠨ ᠤᠷᠢᠳ ᠬᠤᠵᠢᠳ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠠᠭᠠᠳᠠᠯ᠎ᠠ ᠡᠯᠡᠰᠦᠨ ᠠᠭᠤᠷᠬᠠᠢ᠂ ᠸᠧ ᠶᠢᠨ ᠶᠦᠨ ᠰᠠᠩ᠂ ᠶᠢᠩ ᠲᠦᠩ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠩᠭᠡᠨᠵᠢᠯᠲᠡ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ᠂ ᠳᠠᠪᠤᠰᠤ ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠧ ᠴᠢ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ᠂ ᠹᠧᠢ ᠼᠦᠢ ᡁᠢ ᠭᠤᠸᠠᠩ᠂  ᠯᠢ ᠰᠢᠶᠠᠩ ᠢᠦᠢ ᠹᠦ᠋ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠴᠢᠳᠠᠮᠵᠢ ᠶᠢᠨ ᠪᠠᠶᠢᠷᠢᠰᠢᠭᠤᠯᠤᠯᠲᠠ ᠵᠢᠴᠢ ᠦᠷᠭᠦᠯᠵᠢᠯᠡᠨ ᠡᠵᠡᠩᠨᠡᠬᠦ ᠲᠥᠯᠥᠪᠵᠢᠭᠦᠯᠭᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃
 邱军实地调研重点项目建设和安全生产01.jpg  
    ᠴᠢᠦ ᠵᠢᠶᠦ᠋ᠨ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠮᠥᠨ᠂ ᠪᠠᠰᠠ ᠴᠤ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ᠃ ᠨᠢᠭᠡ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠤᠬᠠᠮᠰᠠᠷ ᠪᠠ ᠦᠷ᠎ᠡ ᠪᠦᠲᠦᠮᠵᠢ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠂ ︽ᠭᠠᠵᠠᠷ ᠪᠣᠯᠭᠠᠨ ᠳᠤ ᠴᠢᠩᠭ᠎ᠠ ᠠᠳᠬᠤᠨ ᠲᠦᠷᠭᠡᠨ ᠠᠵᠢᠯᠯᠠᠬᠤ︾ ᠲᠤᠯᠭᠠᠮ᠎ᠠ ᠰᠡᠳᠬᠢᠯᠭᠡ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠬᠤᠶᠠᠷ ᠲᠤ᠂ ᠣᠳᠣᠬᠠᠨ ᠤ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠬᠦᠴᠦ ᠪᠠᠨ ᠬᠠᠮᠲᠤᠳᠬᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠠᠷᠢᠯᠭ᠎ᠠ ᠶᠢᠨ ᠨᠢᠭᠡᠴᠡ ᠶᠢᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠤᠨ ᠡᠷᠲᠡ ᠪᠠᠷᠢᠯᠭ᠎ᠠ ᠳᠠᠭᠤᠰᠴᠤ᠂ ᠡᠷᠲᠡ ᠠᠰᠢᠭᠯᠠᠯᠲᠠ ᠳᠤ ᠣᠷᠣᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠤ ᠤᠬᠠᠮᠰᠠᠷ ᠪᠣᠯᠤᠨ ᠶᠠᠰᠤ ᠴᠢᠨᠠᠷ ᠤᠨ ᠤᠬᠠᠮᠰᠠᠷ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠢᠯᠳᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠷᠢᠯᠭ᠎ᠠ ᠪᠠᠷᠢᠬᠤ ᠨᠢᠭᠡᠴᠡ ᠶᠢ ᠱᠠᠯᠠᠪᠳᠠᠭᠤᠯᠤᠨ ᠪᠠᠷᠢᠯᠭ᠎ᠠ ᠶᠢᠨ ᠶᠠᠰᠤ ᠴᠢᠨᠠᠷ ᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠡᠷᠡᠰ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃
  邱军实地调研重点项目建设和安全生产02.jpg  
    ᠳᠠᠷᠠᠭ᠎ᠠ ᠨᠢ᠂ ᠴᠢᠦ ᠵᠢᠶᠦ᠋ᠨ ᠪᠠᠰᠠ ᠥᠪᠥᠷ ᠮᠣᠩᠭᠤᠯ ᠯᠢᠶᠣᠤᠨᠢᠩ ᠤᠨ ᠵᠠᠭᠠᠭ ᠬᠢᠵᠠᠭᠠᠷ ᠲᠠᠬᠢ ᠪᠠᠭ᠎ᠠ ᠶᠤᠯᠤ ᠰᠢᠰᠲᠠᠮᠵᠢᠭᠤᠯᠤᠨ ᠵᠠᠰᠠᠬᠤ ᠲᠤᠭᠤᠷᠢᠭ ᠲᠤ ᠬᠦᠷᠴᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠭᠠᠨᠵᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠹᠠᠩ ᠾᠦᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号