5 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠤᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠯᠢ ᠮᠢᠨ᠂ ᠸᠠᠩ ᠶᠢᠨ ᠴᠢᠶᠠᠩ᠂ ᠰᠦᠨ ᠵᠢᠶᠠᠨ ᠸᠧᠨ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠢᠮᠠᠭᠲᠠ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ | ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠰ ᠭᠤᠶᠢᠪᠢᠰᠢ ᠥᠬᠡᠶ ᠪᠠᠷ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠡᠯ᠎ᠡ ᠳᠡᠳ᠋ ᠬᠤᠰᠢᠭᠤᠨ ᠳᠠᠷᠤᠭ᠎ᠠ | ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠷᠢᠳᠴᠢᠯᠠᠨ ᠵᠢᠯᠣᠭᠤᠳᠴᠤ᠂ | ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠳᠣᠭᠢᠷᠠᠭᠤᠯᠤᠨ᠂ ᠬᠤᠷᠠᠯ ᠬᠤᠷᠠᠯᠳᠤᠭᠤᠯᠵᠤ | ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠵᠥᠷᠢᠴᠡᠯ ᠪᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠪᠠᠲᠤᠯᠠᠬᠤ | ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ | ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠢᠯᠡᠴᠢᠯᠡᠭᠡᠨ ᠤ | ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠨᠠᠩ ᠣᠯᠠᠨ ᠳᠡᠮᠵᠢᠯᠭᠡ ᠬᠠᠩᠭᠠᠬᠤ ᠬᠡᠷᠡᠭᠲᠡᠶ᠃ | ᠠᠵᠢᠯ ᠤᠨ ᠲᠥᠰᠦᠯ ᠢᠶᠠᠨ ᠦᠳᠲᠡᠷ ᠲᠦᠷᠭᠡᠨ ᠲᠣᠭᠲᠠᠭᠠᠵᠤ᠂ ᠪᠡᠯᠡᠳᠬᠡᠯ ᠠᠵᠢᠯ ᠢ ᠦᠨᠡᠨᠬᠦ ᠰᠠᠶᠢᠲᠤᠷ ᠠᠳᠬᠤᠵᠤ᠂ | ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠤᠷ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠶ ᠭᠡᠵᠡᠢ᠃ | |