5 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ ᠠᠭᠤᠯᠠ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ | ᠬᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠵᠢᠴᠢ ᠬᠠᠮᠢᠶ᠎ᠠ ᠪᠥᠬᠦᠶ ᠭᠠᠵᠠᠷ | ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | ᠡᠨᠡ ᠬᠤᠭᠤᠴᠠᠭᠠᠨ ᠳᠤ᠂ ᠴᠢᠦ ᠵᠢᠶᠦ᠋ᠨ ᠡᠩ ᠲᠡᠷᠢᠭᠦᠨ ᠳᠤ ᠱᠤᠩᠬᠤᠷ ᠨᠤᠭᠤ ᠭᠠᠵᠠᠷ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠤ ᠬᠦᠷᠴᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠦᠵᠡᠪᠡ᠃ ᠡᠭᠦᠨ ᠤ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ | ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠬᠤᠰᠢᠭᠤᠨ ᠤ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠠᠮᠠᠭᠠᠯᠠᠬᠤ ᠬᠡᠷᠡᠭᠲᠡᠶ᠃ | | ᠳᠠᠷᠠᠭ᠎ᠠ ᠨᠢ᠂ ᠴᠢᠦ ᠵᠢᠶᠦ᠋ᠨ ᠪᠠᠶᠠᠨᠴᠠᠭᠠᠨ ᠨᠠᠭᠤᠷ ᠤᠨ ᠳᠣᠣᠷᠠᠳᠤ ᠤᠷᠤᠰᠬᠠᠯ ᠤᠨ ᠦᠶᠡᠷ ᠢ ᠰᠡᠷᠭᠡᠶᠢᠯᠡᠵᠦ | ᠤᠰᠤᠲᠤᠯ ᠢ ᠵᠠᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠬᠤᠰᠢᠭᠤᠨ ᠤ ᠤᠰᠤᠨ ᠤ | ᠶᠠᠪᠤᠳᠠᠯ ᠤᠨ ᠲᠣᠪᠴᠢᠶ᠎ᠠ ᠪᠣᠯᠤᠨ ᠬᠠᠷᠢᠶ᠎ᠠ ᠭᠠᠵᠠᠷ ᠤᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠬᠢᠴᠠ ᠪᠠᠨ | ᠲᠦᠷᠭᠡᠳᠬᠡᠵᠦ᠂ ᠦᠶᠡᠷ ᠤᠨ ᠬᠤᠭᠤᠴᠠᠭ᠎ᠠ ᠪᠣᠯᠬᠤ ᠠᠴᠠ ᠡᠮᠦᠨ᠎ᠡ ᠦᠶᠡᠷ ᠢ ᠰᠡᠷᠭᠡᠶᠢᠯᠡᠬᠦ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠶᠠᠷᠢᠯᠴᠠᠬᠤ | ᠬᠤᠷᠠᠯ ᠳᠡᠭᠡᠷ᠎ᠡ᠂ ᠴᠢᠦ ᠵᠢᠶᠦ᠋ᠨ ᠠᠭᠤᠯᠠ ᠪᠠᠯᠭᠠᠰᠤᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠳᠣᠬᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ | ᠶᠠᠷᠢᠯᠴᠠᠪᠠ᠃ | ᠴᠢᠦ ᠵᠢᠶᠦ᠋ᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠤᠨ ᠬᠢᠵᠠᠭᠠᠷ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠬᠦᠴᠦᠲᠡᠶ | ᠰᠦᠷᠳᠡᠭᠦᠯᠦᠯ ᠢ ᠪᠣᠶ ᠪᠣᠯᠭᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠨᠢᠭᠡ ᠶᠢ | ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠂ | ᠰᠢᠨ᠎ᠡ ᠪᠠᠷ ᠨᠡᠮᠡᠭᠳᠡᠭᠰᠡᠨ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠤᠯᠠᠨ ᠲᠦᠮᠡᠨ ᠤ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠦᠬᠦ | ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠳᠤ ᠬᠠᠮᠲᠤᠪᠠᠷ | ᠣᠷᠣᠯᠴᠠᠭᠤᠯᠬᠤ ᠬᠡᠷᠡᠭᠲᠡᠢ ᠭᠡᠵᠡᠢ᠃ | | |