ᠮᠠᠨ ᠤ ᠬᠤᠰᠢᠭᠤᠨ ᠤ 2025 ᠣᠨ ᠤ 1 — 4 ᠰᠠᠷ᠎ᠠ ᠶᠢᠨ ᠠᠵᠤ ᠠᠬᠤᠶ ᠶᠢᠨ ᠡᠷᠭᠢᠯᠳᠡ ᠲᠣᠭᠲᠠᠭᠤᠨ ᠤ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/6/5
   ᠨᠢᠭᠡ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠴᠠᠬᠢᠯᠭᠠᠨ ᠬᠦᠴᠦᠨ ᠤ ᠠᠵᠢᠯ ᠲᠦᠷᠦᠯ ᠤᠨ ᠲᠠᠶᠢᠴᠢᠯᠠᠯᠳᠠ ᠢᠯᠡᠳᠲᠡ ᠪᠣᠯᠪᠠ᠃ 1 — 4 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 55.2% ᠨᠡᠮᠡᠭᠳᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 17.8% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 19.8% ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ 112.9% ᠨᠡᠮᠡᠭᠳᠡᠪᠡ᠃ ᠠᠵᠢᠯ ᠲᠦᠷᠦᠯ ᠠᠴᠠ ᠠᠪᠴᠤ ᠦᠵᠡᠪᠡᠯ᠂ ᠲᠡᠮᠦᠷᠯᠢᠭ ᠪᠤᠰᠤ ᠬᠦᠳᠡᠷ ᠰᠢᠯᠢᠬᠦ ᠦᠢᠯᠡᠰ 17.8% ᠨᠡᠮᠡᠭᠳᠡᠪᠡ︔ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ ᠦᠢᠯᠡᠰ 14.3% ᠨᠡᠮᠡᠭᠳᠡᠪᠡ︔ ᠲᠡᠮᠦᠷᠯᠢᠭ ᠪᠤᠰᠤ ᠬᠦᠳᠡᠷ ᠤᠨ ᠪᠦᠲᠦᠭᠡᠭᠳᠡᠬᠦᠨ ᠤ ᠦᠢᠯᠡᠰ 10.0% ᠨᠡᠮᠡᠭᠳᠡᠪᠡ︔ ᠲᠡᠮᠦᠷᠯᠢᠭ ᠪᠤᠰᠤ ᠪᠦᠲᠦᠭᠡᠭᠳᠡᠬᠦᠨ ᠤ ᠦᠢᠯᠡᠰ 4.0% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 122.3% ᠨᠡᠮᠡᠭᠳᠡᠪᠡ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 22.9% ᠨᠡᠮᠡᠭᠳᠡᠪᠡ᠃    ᠬᠤᠶᠠᠷ ᠲᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠳᠠᠭᠠᠰᠢᠷᠠᠵᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ‌ᠨᠡᠮᠡᠭᠳᠡᠪᠡ᠃ 1 — 4 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.0% ᠪᠠᠭᠤᠷᠠᠪᠠ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 3162.3% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 86.6% ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 700.7% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 86.6% ᠪᠠᠭᠤᠷᠠᠪᠠ︔ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ 75.1% ᠪᠠᠭᠤᠷᠠᠪᠠ︔ ᠠᠷᠠᠳ ᠤᠨ ᠳᠤᠮᠳᠠᠬᠢ ᠪᠡᠯᠡ ᠣᠷᠣᠭᠤᠯᠤᠯᠲᠠ 369.6% ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ 331.8% ᠨᠡᠮᠡᠭᠳᠡᠪᠡ᠃    ᠭᠤᠷᠪᠠ ᠳᠤ᠂ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠬᠥᠭᠵᠢᠵᠦ᠂ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠲᠤᠯᠭᠠᠭᠤᠷᠢᠯᠠᠯ ᠬᠦᠴᠦᠲᠡᠶ ᠪᠠᠶᠢᠨ᠎ᠠ᠃ 1 — 4 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 25.1 % ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ 1 — 4 ᠳ᠋ᠦ᠋ᠭᠡᠷ ᠰᠠᠷ᠎ᠠ ᠳᠤ᠂ ᠲᠠᠸᠠᠷ ᠢ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 28.2% ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 17.7% ᠨᠡᠮᠡᠭᠳᠡᠪᠡ᠃ ᠭᠤᠤᠯ ᠪᠤᠯᠬᠤ ᠵᠦᠢᠯ ᠤᠨ ᠦᠷᠳᠡᠭ ᠠᠴᠠ ᠦᠵᠡᠪᠡᠯ᠂ 1 — 4 ᠰᠠᠷ᠎ᠡ ᠳᠤ ᠬᠢᠳᠠᠳ ᠡᠧᠦ᠋ᠷᠦᠫᠡ ᠡᠮ ᠤᠨ ᠲᠦᠷᠦᠯ 5.9% ᠨᠡᠮᠡᠭᠳᠡᠪᠡ︔ ᠠᠮᠤ ᠳᠤᠰᠤ᠂ ᠢᠳᠡᠬᠡᠨ ᠤ ᠳᠦᠷᠦᠯ ᠵᠦᠢᠯ 25.2% ᠨᠡᠮᠡᠭᠳᠡᠪᠡ︔ ᠡᠳᠤᠷ ᠳᠤᠳᠤᠮ ᠤᠨ ᠬᠡᠷᠡᠭᠯᠡᠬᠡᠨ ᠤ ᠵᠦᠢᠯ 37.8% ᠨᠡᠮᠡᠭᠳᠡᠪᠡ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠳᠦᠷᠦᠯ 118.7% ᠨᠡᠮᠡᠭᠳᠡᠪᠡ︔ ᠤᠮᠳᠠᠭᠠᠨ ᠤ ᠳᠦᠷᠦᠯ 113.4% ᠨᠡᠮᠡᠭᠳᠡᠪᠡ︔ ᠠᠷᠢᠬᠢ ᠲᠠᠮᠠᠬᠢ ᠠᠷᠢᠬᠢᠨ ᠤ ᠳᠦᠷᠦᠯ 111.3% ᠨᠡᠮᠡᠭᠳᠡᠪᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号