ᠨᠢᠭᠡ᠂ ᠬᠦᠷᠦᠰᠦ ᠰᠢᠷᠦᠢ ᠶᠢᠨ ᠨᠦᠬᠦᠴᠡᠯ ᠢ ᠪᠤᠳᠤᠯᠬᠢᠯᠠᠨ᠎ᠠ | ᠬᠥᠷᠥᠰᠥ ᠰᠢᠷᠣᠶ ᠨᠢ ᠰᠡᠶᠢᠷᠡᠭᠵᠢᠭᠰᠡᠨ᠂ ᠣᠷᠭᠠᠨᠢᠭ ᠡᠳ᠋ ᠤᠨ ᠠᠭᠤᠯᠤᠭᠳᠠᠴᠠ ᠪᠠᠷ ᠪᠠᠭ᠎ᠠ ᠡᠯᠡᠰᠦᠷᠬᠡᠭ | ᠭᠠᠵᠠᠷ ᠲᠤ ᠢᠳᠡᠪᠬᠢᠵᠢᠭᠦᠯᠦᠭᠰᠡᠨ ᠴᠢᠨᠠᠷ ᠢᠶᠠᠷ ᠪᠠᠭ᠎ᠠ᠂ ᠡᠮ ᠬᠡᠷᠡᠭᠯᠡᠬᠦ ᠬᠡᠮᠵᠢᠶ᠎ᠡ ᠪᠠᠷ ᠪᠠᠭ᠎ᠠ ᠡᠪᠡᠰᠦ ᠠᠷᠢᠯᠭᠠᠬᠤ | ᠡᠮ ᠢ ᠰᠣᠩᠭᠤᠨ᠎ᠠ᠂ ᠵᠢᠱᠢᠶᠡᠯᠡᠪᠡᠯ ᠬᠥᠬᠡᠭᠴᠢᠨ ᠡᠪᠡᠰᠦᠲᠦ ᠠᠮᠢᠨ ᠢ ᠬᠡᠷᠡᠭᠯᠡᠬᠦ ᠳᠡᠭᠡᠨ ᠡᠮ ᠤᠨ ᠬᠡᠮᠵᠢᠶ᠎ᠡ ᠶᠢ | ᠵᠣᠬᠢᠰᠲᠠᠶ ᠪᠠᠭᠤᠷᠠᠭᠤᠯᠵᠤ᠂ ᠡᠮ ᠤᠨ ᠬᠥᠨᠥᠭᠡᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ︔ ᠬᠥᠷᠥᠰᠥ ᠰᠢᠷᠣᠶ ᠶᠢᠨ | ᠥᠩ ᠰᠢᠮᠡᠯᠢᠭ᠂ ᠣᠷᠭᠠᠨᠢᠭ ᠡᠳ᠋ ᠤᠨ ᠠᠭᠤᠯᠤᠭᠳᠠᠴᠠ ᠪᠠᠷ ᠥᠨᠳᠥᠷ ᠭᠠᠵᠠᠷ ᠤᠨ ᠡᠪᠡᠰᠦ ᠠᠷᠢᠯᠭᠠᠬᠤ ᠡᠮ ᠤᠨ | ᠬᠡᠷᠡᠭᠯᠡᠬᠦ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠵᠦ᠂ ᠡᠪᠡᠰᠦ ᠠᠷᠢᠯᠭᠠᠬᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ | ᠡᠭᠦᠨ ᠤ ᠬᠠᠮᠲᠤ᠂ ᠬᠥᠷᠥᠰᠥᠨ ᠤ ᠴᠢᠭᠢᠭ ᠤᠨ ᠪᠠᠶᠢᠳᠠᠯ ᠰᠠᠶᠢᠨ ᠦᠶ᠎ᠡ ᠳᠤ ᠡᠪᠡᠰᠦ ᠠᠷᠢᠯᠭᠠᠬᠤ ᠡᠮ ᠤᠨ ᠦᠢᠯᠡᠳᠦᠯ | ᠪᠠᠳᠠᠷᠠᠭᠤᠯᠬᠤ ᠳᠤ ᠠᠰᠢᠭᠲᠠᠶ ᠪᠠᠶᠢᠵᠤ᠂ ᠴᠢᠬᠢ ᠪᠦᠷᠢᠳᠦᠬᠦ ᠠᠴᠠ ᠡᠮᠦᠨ᠎ᠡ ᠪᠢᠳᠡᠭᠦᠮᠵᠢᠯᠡᠬᠦ ᠡᠪᠡᠰᠦ ᠠᠷᠢᠯᠭᠠᠬᠤ ᠡᠮ ᠢ | ᠰᠣᠩᠭᠤᠵᠤ ᠪᠣᠯᠤᠨ᠎ᠠ︔ ᠭᠠᠩ ᠬᠠᠭᠰᠠᠷᠠᠭᠠᠨ ᠤ ᠦᠶ᠎ᠡ ᠳᠤ ᠴᠢᠬᠢ ᠪᠦᠷᠢᠳᠦᠭᠰᠡᠨ ᠤ ᠬᠤᠶᠢᠨᠠᠬᠢ ᠡᠰᠢ ᠨᠠᠪᠴᠢ | ᠰᠢᠢᠳᠪᠦᠷᠢᠯᠡᠬᠦ ᠡᠮ ᠢ ᠰᠤᠩᠭᠤᠪᠠᠯ ᠨᠠᠩ ᠲᠣᠬᠢᠷᠠᠮᠵᠢᠲᠠᠶ ᠪᠠᠶᠢᠳᠠᠭ᠃ | ᠬᠤᠶᠠᠷ᠂ ᠠᠭᠤᠷ ᠠᠮᠢᠰᠬᠤᠯ ᠤᠨ ᠡᠯᠧᠮᠧᠨ᠋ᠲ ᠢ ᠪᠤᠳᠤᠯᠬᠢᠯᠠᠨ᠎ᠠ | ᠭᠠᠩ ᠬᠠᠭᠤᠷᠠᠢ ᠪᠣᠷᠣᠭᠠᠨ ᠪᠠᠭ᠎ᠠ ᠭᠠᠵᠠᠷ ᠣᠷᠣᠨ ᠳᠤ ᠴᠢᠬᠢ ᠪᠦᠷᠢᠳᠦᠬᠦ ᠠᠴᠠ ᠡᠮᠦᠨ᠎ᠡ ᠪᠢᠲᠡᠭᠦᠮᠵᠢᠯᠡᠬᠦ | ᠡᠪᠡᠰᠦ ᠠᠷᠢᠯᠭᠠᠬᠤ ᠡᠮ ᠢ ᠰᠤᠩᠭᠤᠪᠠᠯ ᠦᠷ᠎ᠡ ᠪᠦᠲᠦᠮᠵᠢ ᠨᠢ ᠨᠥᠯᠥᠭᠡᠯᠡᠭᠳᠡᠬᠦ ᠪᠣᠯᠣᠮᠵᠢ ᠲᠠᠢ᠂ ᠤᠷᠢᠳ ᠢᠶᠠᠷ ᠴᠢᠬᠢ | ᠭᠠᠷᠤᠭᠰᠠᠨ ᠤ ᠲᠠᠷᠠᠭ᠎ᠠ ᠬᠡᠷᠡᠭᠯᠡᠬᠦ ᠡᠪᠡᠰᠦ ᠠᠷᠢᠯᠭᠠᠬᠤ ᠡᠮ ᠢ ᠰᠣᠩᠭᠤᠵᠤ ᠪᠣᠯᠤᠨ᠎ᠠ᠂ ᠲᠤᠰ ᠡᠮ ᠨᠢ ᠮᠠᠨ ᠤ | ᠤᠯᠤᠰ ᠤᠨ ᠪᠠᠷᠠᠭᠤᠨ ᠬᠤᠶᠢᠲᠤ ᠬᠡᠰᠡᠭ ᠭᠠᠵᠠᠷ ᠣᠷᠣᠨ ᠳᠤ ᠲᠤᠬᠢᠷᠠᠨ᠎ᠠ᠃ ᠥᠨᠳᠥᠷ ᠳᠤᠯᠠᠭᠠᠨ ᠭᠠᠵᠠᠷ | ᠣᠷᠣᠨ ᠳᠤ ᠡᠪᠡᠰᠦ ᠠᠷᠢᠯᠭᠠᠭᠴᠢ ᠡᠮ ᠢ ᠬᠡᠷᠡᠭᠯᠡᠬᠦ ᠳᠡᠭᠡᠨ ᠥᠨᠳᠥᠷ ᠬᠠᠯᠠᠭᠤᠨ ᠳᠤ ᠡᠮ ᠬᠡᠷᠡᠭᠯᠡᠬᠦ ᠠᠴᠠ | ᠵᠠᠶᠢᠯᠠᠰᠬᠢᠬᠦ ᠶᠢ ᠠᠩᠬᠠᠷᠴᠤ᠂ ᠡᠷᠳᠡᠨᠢ ᠰᠢᠰᠢ ᠳᠤ ᠡᠮ ᠤᠨ ᠬᠥᠨᠥᠭᠡᠯ ᠪᠣᠯᠬᠤ ᠠᠴᠠ ᠰᠡᠷᠬᠡᠶᠢᠯᠡᠬᠦ ᠬᠡᠷᠡᠭᠳᠡᠢ᠃ | ᠦᠷᠭᠦᠯᠵᠢ ᠶᠡᠭᠡ ᠰᠠᠯᠬᠢ ᠲᠠᠢ ᠴᠠᠭ ᠠᠭᠤᠷ ᠪᠠᠢᠳᠠᠭ ᠭᠠᠵᠠᠷ ᠣᠷᠣᠨ ᠳᠤ ᠠᠮᠠᠷᠬᠠᠨ ᠬᠡᠶᠢᠰᠬᠦ ᠡᠪᠡᠰᠦ ᠠᠷᠢᠯᠭᠠᠬᠤ | ᠡᠮ ᠬᠡᠷᠡᠭᠯᠡᠬᠦ ᠠᠴᠠ ᠵᠠᠶᠢᠯᠠᠰᠬᠢᠬᠤ ᠬᠡᠷᠡᠭᠲᠡᠢ᠃ | ᠭᠤᠷᠪᠠ᠂ ᠡᠷᠳᠡᠨᠢ ᠰᠢᠰᠢ ᠶᠢᠨ ᠡᠬᠦᠯᠳᠡᠷ ᠢ ᠪᠤᠳᠤᠯᠬᠢᠯᠠᠨ᠎ᠠ | ᠰᠢᠬᠢᠷᠯᠢᠭ ᠡᠷᠳᠡᠨᠢ ᠰᠢᠰᠢ᠂ ᠰᠢᠯᠦᠬᠡᠢ ᠡᠷᠳᠡᠨᠢ ᠰᠢᠰᠢ ᠵᠡᠷᠭᠡ ᠨᠢ ᠵᠠᠷᠢᠮ ᠡᠪᠡᠰᠦ ᠠᠷᠢᠯᠭᠠᠬᠤ ᠡᠮ ᠳᠤ | ᠨᠡᠯᠢᠶᠡᠳ ᠰᠡᠷᠭᠡᠭ ᠪᠠᠶᠢᠵᠤ᠂ ᠵᠢᠱᠢᠶᠡᠯᠡᠪᠡᠯ᠂ ᠰᠢᠬᠢᠷᠯᠢᠭ ᠡᠷᠳᠡᠨᠢ ᠰᠢᠰᠢ ᠶᠠᠨ ᠮᠢ ᠬᠤᠸᠠᠩ ᠯᠦᠩ ᠳᠤ ᠰᠡᠷᠭᠡᠭ | ᠪᠠᠶᠢᠵᠤ᠂ ᠲᠤᠰᠬᠠᠶ ᠬᠡᠷᠡᠭᠯᠡᠬᠦ ᠡᠪᠡᠰᠦ ᠠᠷᠢᠯᠭᠠᠬᠤ ᠡᠮ ᠪᠤᠶᠤ ᠠᠮᠤᠷ ᠲᠦᠪᠰᠢᠨ ᠴᠢᠨᠠᠷ ᠢᠶᠠᠷ ᠥᠨᠳᠥᠷ ᠡᠮ ᠢ | ᠰᠣᠩᠭᠤᠪᠠᠯ ᠵᠣᠬᠢᠨ᠎ᠠ᠃ ᠡᠩ ᠤᠨ ᠡᠷᠳᠡᠨᠢ ᠰᠢᠰᠢ ᠶᠢᠨ ᠡᠭᠦᠯᠳᠡᠷ ᠢ ᠰᠣᠩᠭᠤᠵᠤ ᠪᠣᠯᠬᠤ ᠬᠡᠪᠴᠢᠶ᠎ᠡ ᠨᠢ ᠨᠡᠯᠢᠶᠡᠳ | ᠥᠷᠭᠡᠨ ᠪᠣᠯᠪᠠᠴᠤ ᠪᠠᠰᠠ ᠥᠪᠡᠷ ᠤᠨ ᠣᠨᠴᠠᠯᠢᠭ ᠢ ᠨᠢ ᠦᠨᠳᠦᠰᠦᠯᠡᠨ ᠲᠣᠬᠢᠷᠠᠮᠵᠢᠲᠠᠶ ᠡᠮ ᠢ ᠰᠣᠩᠭᠤᠬᠤ ᠬᠡᠷᠡᠭᠲᠡᠶ᠃ | |